ᠰᠢᠯᠢ ᠶᠢᠨ ᠭᠤᠣᠯ ᠠᠶᠢᠮᠠᠭ ᠤᠨ ᠤᠯᠤᠰ ᠲᠦᠷᠦ ᠶᠢᠨ ᠵᠦᠪᠯᠡᠯ ᠠᠴᠠ ᠭᠤᠣᠯᠯᠠᠨ ᠡᠷᠬᠢᠯᠡᠵᠦ᠂ ᠬᠤᠰᠢᠭᠤ | ᠤᠯᠤᠰ ᠲᠥᠷᠥ ᠶᠢᠨ ᠵᠥᠪᠯᠡᠯᠭᠡᠨ ᠠᠴᠠ ᠳᠠᠭᠠᠭᠠᠴᠢᠯᠠᠨ ᠡᠷᠭᠢᠯᠡᠭᠰᠡᠨ ᠰᠢᠯᠢ ᠶᠢᠨ ᠭᠤᠣᠯ ᠠᠶᠢᠮᠠᠭ ᠤᠨ 33 ᠳ᠋ᠤᠭᠠᠷ | ᠬᠤᠭᠤᠴᠠᠭᠠᠨ ᠤ ︽ᠤᠯᠤᠰ ᠲᠥᠷᠥ ᠶᠢᠨ ᠵᠥᠪᠯᠡᠯᠭᠡᠨ ᠬᠤᠨᠳᠠᠭᠠᠲᠤ︾ ᠡᠭᠦᠳᠡᠨ ᠪᠥᠮᠪᠦᠭᠡ ᠶᠢᠨ ᠤᠷᠤᠯᠳᠤᠭᠠᠨ 9 | ᠰᠠᠷ᠎ᠠ ᠶᠢᠨ 8 ︱ 9 ᠤ ᠡᠳᠦᠷ ᠪᠣᠯᠲᠠᠯ᠎ᠠ᠂ ᠮᠠᠨ ᠤ ᠬᠤᠰᠢᠭᠤᠨ ᠤ ᠨᠠᠰᠤᠲᠠᠶᠢᠴᠤᠳ ᠤᠨ ᠰᠣᠶᠣᠯ ᠲᠠᠮᠢᠷ ᠤᠨ | ᠬᠥᠳᠡᠯᠭᠡᠭᠡᠨ ᠤ ᠲᠥᠪ ᠲᠤ ᠠᠮᠵᠢᠯᠲᠠ ᠲᠠᠢ ᠶᠠᠪᠤᠭᠳᠠᠭᠰᠠᠨ ᠪᠠᠶᠢᠨ᠎ᠠ᠃ | ᠪᠦᠬᠦ ᠠᠶᠢᠮᠠᠭ ᠤᠨ 19 ᠡᠭᠦᠳᠡᠨ ᠪᠦᠮᠪᠦᠭᠡᠨ ᠠᠩᠬᠢ ᠬᠤᠶᠠᠷ ᠡᠳᠦᠷ ᠤᠨ ᠲᠤᠷᠰᠢᠲᠠ ᠬᠤᠷᠴᠠ ᠰᠢᠷᠦᠭᠦᠨ | ᠥᠷᠢᠰᠦᠯᠳᠦᠵᠡᠢ᠃ | ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠮᠢᠩ ᠸᠠᠩ᠂ ᠠᠶᠢᠮᠠᠭ ᠤᠨ | ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠵᠠᠩ ᠯᠢ ᠭᠦᠸᠧ᠂ ᠬᠤᠰᠢᠭᠤ ᠤᠯᠤᠰ ᠲᠥᠷᠥ | ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥᠩᠬᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠪᠦᠦ ᠸᠠᠨ ᠬᠤᠸᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠶᠣᠣ ᠮᠢᠩ᠂ | ᠪᠦᠬᠡᠣᠳᠽᠠᠷ ᠵᠡᠷᠭᠡ ᠬᠤᠰᠢᠭᠤ ᠳᠥᠷᠪᠡᠨ ᠶᠡᠭᠡ ᠪᠠᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠡᠬᠢᠯᠡᠯᠲᠡ ᠶᠢᠨ | ᠶᠣᠰᠣᠯᠠᠯ ᠳᠤ ᠣᠷᠣᠯᠴᠠᠵᠠᠢ᠃ | ᠪᠠᠲᠤᠮᠥᠩᠬᠡ ᠡᠬᠢᠯᠡᠯᠲᠡ ᠶᠢᠨ ᠶᠣᠰᠣᠯᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ᠂ ᠠᠶᠢᠮᠠᠭ ᠤᠨ ᠤᠯᠤᠰ | ᠲᠥᠷᠥ ᠶᠢᠨ ᠵᠥᠪᠯᠡᠯᠭᠡᠨ ᠲᠤᠰ ᠤᠳᠠᠭᠠᠨ ᠤ ᠠᠵᠢᠯᠯᠠᠭ᠎ᠠ ᠶᠢ ᠵᠡᠭᠦᠨ ᠦᠵᠦᠮᠦᠴᠢᠨ ᠬᠤᠰᠢᠭᠤᠨ ᠳᠤ | ᠶᠠᠪᠤᠭᠳᠠᠭᠤᠯᠬᠤ ᠪᠠᠷ ᠲᠣᠬᠢᠷᠠᠭᠤᠯᠤᠭᠰᠠᠨ ᠨᠢ ᠵᠡᠭᠦᠨ ᠦᠵᠦᠮᠦᠴᠢᠨ ᠬᠤᠰᠢᠭᠤᠨ ᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠪᠥᠬᠦ ᠬᠦᠴᠦᠨ ᠢᠶᠠᠷ ᠢᠶᠠᠨ ᠳᠡᠮᠵᠢᠵᠦ ᠪᠠᠶᠢᠬᠤ ᠶᠢ ᠭᠦᠢᠴᠡᠳ ᠬᠠᠷᠠᠭᠤᠯᠵᠤ᠂ ᠥᠷᠭᠡᠨ ᠣᠯᠠᠨ | ᠡᠭᠦᠳᠡᠨ ᠪᠥᠮᠪᠦᠭᠡ ᠳᠤ ᠪᠠᠭ᠋ᠠᠲᠠᠢ ᠬᠥᠮᠥᠰ ᠲᠤ ᠬᠠᠷᠢᠯᠴᠠᠭ᠎ᠠ ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ ᠪᠥᠮᠪᠦᠭᠡ ᠶᠢᠨ | ᠮᠡᠷᠭᠡᠵᠢᠯ ᠢᠶᠠᠨ ᠰᠣᠯᠢᠯᠴᠠᠬᠤ᠂ ᠨᠥᠬᠦᠷᠯᠡᠯ ᠢᠶᠠᠨ ᠵᠤᠵᠠᠭᠠᠳᠬᠠᠬᠤ᠂ ᠪᠡᠶ᠎ᠡ ᠪᠠᠨ ᠴᠢᠭᠢᠷᠠᠭᠵᠢᠭᠤᠯᠬᠤ ᠲᠠᠪᠴᠠᠩ | ᠬᠠᠩᠭᠠᠨ ᠥᠭᠭᠦᠭᠰᠡᠨ ᠪᠠᠶᠢᠨ᠎ᠠ᠂ ᠡᠯ᠎ᠡ ᠤᠷᠤᠯᠳᠤᠭᠠᠨ ᠳᠤ ᠣᠷᠣᠯᠴᠠᠬᠤ ᠠᠩᠭᠢ ᠶᠢᠨ ᠬᠢᠨ ︽ᠪᠠᠶᠠᠷ ᠪᠠᠶᠠᠰᠤᠯ ᠢ | ᠲᠡᠷᠢᠭᠦᠨ ᠳᠤ ᠲᠠᠯᠪᠢᠬᠤ᠂ ᠨᠥᠬᠦᠷᠯᠡᠯ ᠢᠶᠠᠨ ᠴᠢᠩᠭᠠᠳᠬᠠᠵᠤ᠂ ᠮᠥᠷᠥᠶᠢᠴᠡᠭᠡᠨ ᠢᠶᠠᠷ ᠤᠷᠮ᠎ᠠ ᠪᠠᠬ᠎ᠠ ᠪᠠᠨ ᠪᠣᠯᠭᠠᠨ᠂ | ᠪᠡᠶ᠎ᠡ ᠴᠢᠭᠢᠷᠠᠭᠵᠢᠭᠤᠯᠬᠤ ᠪᠠᠷ ᠦᠨᠳᠦᠰᠦ ᠪᠣᠯᠭᠠᠬᠤ︾ ᠵᠣᠷᠢᠯᠲᠠ ᠪᠠᠷ ᠬᠡᠪ ᠨᠠᠮᠪᠠ ᠲᠠᠢ ᠣᠷᠤᠯᠳᠠᠬᠤ ᠶᠢ ᠬᠦᠰᠡᠵᠦ | ᠪᠠᠶᠢᠨ᠎ᠠ ᠭᠡᠰᠡᠨ ᠪᠠᠶᠢᠨ᠎ᠠ᠃ | ᠵᠠᠩ ᠯᠢ ᠭᠦᠸᠧ ᠡᠬᠢᠯᠡᠯᠲᠡ ᠶᠢᠨ ᠶᠣᠰᠣᠯᠠᠯ ᠳᠡᠭᠡᠷ᠎ᠡ ᠢᠯᠡᠷᠬᠡᠶᠢᠯᠡᠬᠦ ᠳᠡᠭᠡᠨ᠂ ᠰᠢᠯᠢ ᠶᠢᠨ ᠭᠤᠣᠯ ᠠᠶᠢᠮᠠᠭ ᠤᠨ | ᠤᠯᠤᠰ ᠲᠥᠷᠥ ᠶᠢᠨ ᠵᠥᠪᠯᠡᠯᠭᠡᠨ ᠡᠭᠦᠳᠡᠨ ᠪᠥᠮᠪᠦᠭᠡ ᠶᠢᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠬᠠᠯᠠᠮᠵᠢᠯᠠᠵᠤ᠂ ᠢᠳᠡᠷ ᠥᠲᠡᠯᠦᠭᠡ ᠨᠠᠰᠤᠨ ᠤ ᠬᠥᠮᠥᠰ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠠᠩᠬᠠᠷᠤᠨ | ᠳᠡᠮᠵᠢᠭᠰᠡᠭᠡᠷ ᠢᠷᠡᠵᠡᠶ᠂ ᠲᠣᠰ ᠬᠤᠭᠤᠴᠠᠭᠠᠨ ᠤ ᠡᠭᠦᠳᠡᠨ ᠪᠥᠮᠪᠦᠭᠡ ᠶᠢᠨ ᠤᠷᠤᠯᠳᠤᠭᠠᠨ ᠢ ᠥᠨᠳᠥᠷ ᠬᠢᠷᠢ | ᠲᠦᠪᠰᠢᠨ ᠲᠠᠢ᠂ ᠥᠨᠳᠥᠷ ᠶᠠᠰᠤ ᠴᠢᠨᠠᠷ ᠲᠠᠢ᠂ ᠥᠨᠳᠥᠷ ᠬᠡᠪ ᠨᠠᠮᠪᠠ ᠲᠠᠢ ᠡᠷᠭᠢᠯᠡᠬᠦ ᠶᠢ ᠬᠦᠰᠡᠵᠦ ᠪᠠᠶᠢᠨ᠎ᠠ ᠭᠡᠵᠡᠢ᠃ | | ᠶᠤᠰᠤᠯᠠᠯ ᠳᠤ᠂ ᠲᠠᠮᠢᠷᠴᠢᠳ ᠤᠨ ᠲᠥᠯᠥᠭᠡᠯᠡᠭᠴᠢ ᠪᠣᠯᠣᠨ ᠬᠢᠨᠠᠭᠴᠢ ᠶᠢᠨ ᠲᠥᠯᠥᠭᠡᠯᠡᠭᠴᠢ ᠲᠤᠰ ᠲᠤᠰ | ᠲᠠᠩᠭᠠᠷᠢᠭᠯᠠᠭᠰᠠᠨ ᠤ ᠳᠠᠷᠠᠭ᠎ᠠ᠂ ᠸᠠᠩ ᠮᠢᠩ ᠸᠠᠩ ᠤᠷᠤᠯᠳᠤᠭᠠᠨ ᠡᠬᠢᠯᠡᠭᠰᠡᠨ ᠢ ᠵᠠᠷᠯᠠᠵᠠᠢ᠃ | ᠬᠤᠶᠠᠷ ᠡᠳᠦᠷ ᠤᠨ ᠲᠤᠷᠰᠢᠬᠢ ᠬᠤᠷᠴᠠ ᠰᠢᠷᠦᠭᠦᠨ ᠤᠷᠤᠯᠳᠤᠭᠠᠨ ᠢᠶᠠᠷ ᠳᠠᠮᠵᠢᠨ ᠰᠢᠯᠤᠭᠤᠨ ᠬᠥᠬᠡ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠥᠯᠥᠭᠡᠯᠡᠭᠴᠢᠳ ᠤᠨ ᠠᠩᠭᠢ ᠨᠢᠭᠡᠳᠦᠭᠡᠷ ᠨᠡᠷᠡᠰ ᠲᠤ | ᠲᠣᠳᠤᠷᠠᠵᠤ᠂ ᠬᠥᠪᠡᠭᠡᠲᠦ ᠰᠢᠷ᠎ᠠ ᠬᠤᠰᠢᠭᠤᠨ ᠤ ᠲᠥᠯᠥᠭᠡᠯᠡᠭᠴᠢᠳ ᠤᠨ ᠠᠩᠭᠢ᠂ ᠮᠠᠨ ᠤ ᠬᠤᠰᠢᠭᠤᠨ ᠤ ᠠᠬᠠᠮᠠᠳ | ᠺᠠᠳ᠋ᠷᠴᠤᠳ ᠤᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠨᠡᠷᠡᠰ ᠲᠤ ᠲᠣᠳᠤᠷᠠᠵᠤ᠂ ᠠᠪᠠᠭ᠎ᠠ ᠬᠤᠰᠢᠭᠤᠨ ᠤ | ᠲᠥᠯᠥᠭᠡᠯᠡᠭᠴᠢᠳ ᠤᠨ ᠠᠩᠭᠢ᠂ ᠪᠠᠷᠠᠭᠤᠨ ᠦᠵᠦᠮᠦᠴᠢᠨ ᠬᠤᠰᠢᠭᠤᠨ ᠤ ᠲᠥᠯᠥᠭᠡᠯᠡᠭᠴᠢᠳ ᠤᠨ ᠠᠩᠭᠢ᠂ | ᠠᠶᠢᠮᠠᠭ ᠤᠨ ᠡᠭᠦᠳᠡᠨ ᠪᠥᠮᠪᠦᠭᠡ ᠶᠢᠨ ᠨᠡᠶᠢᠭᠡᠮᠯᠢᠭ ᠤᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠲᠤ | ᠲᠣᠳᠤᠷᠠᠭᠰᠠᠨ ᠪᠠᠶᠢᠨ᠎ᠠ᠃ | ᠱᠠᠩᠨᠠᠯ ᠣᠯᠭᠤᠬᠤ ᠶᠣᠰᠣᠯᠠᠯ ᠤᠨ ᠳᠠᠷᠠᠭ᠎ᠠ ᠵᠠᠩ ᠯᠢ ᠭᠦᠸᠧ᠂ ᠪᠠᠲᠤᠮᠥᠩᠬᠡ ᠠᠴᠠ ᠳᠣᠯᠣᠨ ᠨᠠᠭᠤᠷ ᠰᠢᠶᠠᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠪᠦᠦ ᠵᠢᠶᠦ᠋ᠨ ᠳᠤ ᠬᠤᠷᠠᠯ ᠤᠨ ᠲᠤᠭ ᠢ ᠰᠢᠯᠵᠢᠭᠦᠯᠦᠨ | ᠲᠤᠰᠢᠶᠠᠯ᠎ᠠ᠃ | ᠤᠷᠤᠯᠳᠤᠭᠠᠨ ᠤ ᠶᠠᠪᠤᠴᠠ ᠳᠤ᠂ ᠤᠷᠤᠯᠳᠤᠭᠠᠨ ᠳᠤ ᠣᠷᠣᠯᠴᠠᠭᠰᠠᠳ ᠭᠤᠶᠢᠳᠠ ᠰᠠᠶᠢᠬᠠᠨ ᠪᠦᠮᠪᠦᠭᠡᠨ | ᠮᠡᠷᠭᠡᠵᠢᠯ ᠢᠶᠠᠨ ᠣᠯᠠᠨ ᠳᠤ ᠬᠠᠷᠠᠭᠤᠯᠵᠤ᠂ ᠨᠠᠰᠤᠲᠠᠶᠢᠴᠤᠳ ᠤᠨ ᠴᠤᠭ ᠵᠢᠪᠬᠤᠭ᠎ᠠ᠂ ᠢᠳᠡᠪᠬᠢᠲᠡᠢ ᠪᠠᠷ ᠥᠭᠡᠳᠡᠯᠡᠨ | ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠠᠬᠤᠢ ᠲᠠᠯᠠᠪᠠᠶ ᠪᠠᠶᠠᠷ ᠬᠥᠷ ᠲᠠᠢ ᠠᠭᠤᠷ | ᠠᠮᠢᠰᠬᠤᠯ ᠢᠶᠠᠷ ᠪᠢᠯᠬᠠᠵᠤ ᠪᠠᠶᠢᠯ᠎ᠠ᠃ | |