ᠮᠠᠨᠳᠤᠬᠤᠪᠤᠯᠠᠭ ᠬᠢᠯᠢ ᠶᠢᠨ ᠲᠣᠮᠢᠯᠠᠭᠰᠠᠨ ᠰᠠᠯᠪᠤᠷᠢ ᠲᠣᠣᠷ ᠰᠦᠯᠵᠢᠶᠡᠨ ᠤ ᠠᠮᠤᠷ ᠲᠦᠪᠰᠢᠨ ᠠᠵᠤ ᠠᠬᠤᠶᠢᠯᠠᠯ ᠳᠤ ᠭᠦᠨᠵᠡᠭᠡᠶᠢᠷᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/21
      2023 ᠣᠨ ᠤ ᠤᠯᠤᠰ ᠤᠨ ᠲᠤᠤᠷ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠢ 2023 ᠣᠨ ᠤ 9 ᠰᠠᠷ᠎ᠠ ᠶᠢᠨ 11 ᠤ ᠡᠳᠦᠷ ᠠᠴᠠ 17 ᠤ ᠡᠳᠦᠷ ᠪᠣᠯᠲᠠᠯ᠎ᠠ ᠪᠥᠬᠦ ᠤᠯᠤᠰ ᠤᠨ ᠬᠡᠪᠴᠢᠶᠡᠨ ᠳᠤ ᠨᠢᠭᠡᠳᠦᠯᠲᠡᠢ ᠥᠷᠨᠢᠭᠦᠯᠦᠨ᠎ᠡ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠲᠣᠣᠷ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠲᠣᠣᠷ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ ᠮᠠᠨᠳᠤᠬᠤᠪᠤᠯᠠᠭ ᠬᠢᠯᠢ ᠶᠢᠨ ᠲᠣᠮᠢᠯᠠᠭᠰᠠᠨ ᠰᠠᠯᠪᠤᠷᠢ ᠠᠷᠤ ᠬᠠᠳᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠲᠣᠣᠷ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠥᠷᠨᠢᠭᠦᠯᠦᠭᠰᠡᠨ ᠪᠠᠶᠢᠨ᠎ᠠ᠃      ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠭᠴᠢ ᠲᠣᠣᠷ ᠰᠦᠯᠵᠢᠶᠡᠨ ᠤ ᠠᠮᠤᠷ ᠲᠦᠪᠰᠢᠨ ᠪᠠ ᠲᠣᠣᠷ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠭᠡᠬᠦ ᠬᠤᠶᠠᠷ ᠲᠠᠯ᠎ᠠ ᠠᠴᠠ ᠡᠭᠦᠰᠴᠦ᠂ ᠶᠦᠮᠦᠷᠯᠢᠭ ᠱᠤᠭ ᠶᠠᠷᠢᠶ᠎ᠠ ᠪᠠᠷ ᠠᠵᠤ ᠠᠬᠤᠶᠢᠯᠠᠯ ᠤᠨ ᠠᠵᠢᠯᠲᠠᠳ ᠲᠤ ᠨᠢᠭᠡ ᠣᠳᠠᠭᠠᠨ ᠤ ᠭᠤᠶᠢᠳᠠ ᠰᠠᠶᠢᠬᠠᠨ ᠬᠢᠴᠢᠶᠡᠯ ᠣᠷᠤᠭᠰᠠᠨ ᠪᠠᠶᠢᠨ᠎ᠠ᠃ ᠲᠣᠣᠷ ᠰᠦᠯᠵᠢᠶᠡᠨ ᠤ ᠠᠮᠤᠷ ᠲᠦᠪᠰᠢᠨ ᠤ ᠬᠡᠰᠡᠭ ᠲᠤ ᠲᠣᠣᠷ ᠰᠦᠯᠵᠢᠶᠡᠨ ᠤ ᠠᠮᠤᠷ ᠲᠦᠪᠰᠢᠨ ᠤ ᠭᠤᠣᠯ ᠣᠨᠴᠠᠯᠢᠭ ᠵᠢᠴᠢ ᠲᠣᠣᠷ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠷᠢᠨ ᠲᠠᠶᠢᠯᠪᠤᠷᠢᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠤᠯᠠᠨ ᠳᠤ ᠺᠣᠮᠫᠢᠦ᠋ᠲ᠋ᠧᠷ ᠪᠣᠯᠣᠨ ᠭᠠᠷ ᠤᠲᠠᠰᠤᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠯᠲᠠ ᠶᠢ ᠴᠢᠩᠭᠠᠳᠬᠠᠬᠤ ᠶᠢ ᠰᠡᠷᠡᠮᠵᠢᠯᠡᠭᠦᠯᠪᠡ᠃ ᠲᠡᠷᠡᠴᠢᠯᠡᠨ ᠣᠳᠣᠬᠠᠨ ᠳᠤ  ᠤᠯᠠᠨ ᠡᠭᠦᠰᠳᠡᠭ ᠲᠣᠣᠷ ᠰᠦᠯᠵᠢᠶᠡᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠭᠠᠷᠳᠠᠴᠠ ᠪᠣᠯᠭᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠨ᠂ ᠲᠣᠣᠷ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ ᠣᠳᠣᠬᠠᠨ ᠤ ᠲᠣᠣᠷ ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠢ ᠭᠦᠨᠵᠡᠭᠡᠢ ᠵᠠᠳᠠᠯᠤᠨ᠂ ᠲᠣᠣᠷ ᠰᠦᠯᠵᠢᠶᠡᠨ ᠤ ᠠᠮᠤᠷ ᠲᠦᠪᠰᠢᠨ ᠤ ᠬᠡᠷᠡᠭ ᠡᠭᠦᠰᠦᠭᠰᠡᠨ ᠰᠢᠯᠲᠠᠭᠠᠨ ᠢ ᠵᠠᠳᠠᠯᠵᠤ᠂ ᠲᠣᠣᠷ ᠰᠦᠯᠵᠢᠶᠡᠨ ᠤ ᠮᠡᠬᠡᠯᠡᠯ ᠢ ᠬᠡᠷᠬᠢᠨ ᠰᠡᠷᠭᠡᠶᠢᠯᠡᠬᠦ ᠲᠤᠬᠠᠢ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠳᠤᠷᠠᠳᠤᠭᠰᠠᠨ ᠪᠠᠶᠢᠨ᠎ᠠ᠃      ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠬᠤᠭᠤᠴᠠᠭᠠᠨ ᠳᠤ᠂ ᠠᠷᠠᠳ ᠤᠨ ᠴᠠᠭᠳᠠᠭ᠎ᠠ ᠠᠴᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠠᠷᠠᠳ ᠢᠷᠭᠡᠨ ᠤ ᠬᠤᠪᠢ ᠬᠥᠮᠥᠨ ᠤ ᠮᠡᠳᠡᠭᠡ ᠵᠠᠩᠭᠢ ᠪᠣᠯᠣᠨ ᠠᠵᠤ ᠠᠬᠤᠶᠢᠯᠠᠯ ᠤᠨ ᠮᠡᠳᠡᠭᠡ ᠵᠠᠩᠭᠢ ᠯᠡᠪᠡᠷᠡᠬᠦ ᠵᠡᠷᠭᠡ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠮᠡᠬᠡᠯᠡᠯ ᠤᠨ ᠴᠢᠨᠠᠷ᠂ ᠲᠠᠯᠳᠠ ᠴᠢᠨᠠᠷ ᠪᠣᠯᠣᠨ ᠬᠤᠣᠷ ᠬᠥᠨᠥᠭᠡᠯᠳᠦ ᠴᠢᠨᠠᠷ ᠢ ᠢᠯᠡᠴᠢᠯᠡᠨ᠂ ᠠᠵᠤ ᠠᠬᠤᠶᠢᠯᠠᠯ ᠤᠨ ᠠᠵᠢᠯᠲᠠᠳ ᠲᠤ ᠢᠷᠡᠯᠲᠡ ᠨᠢ ᠲᠣᠳᠣᠷᠬᠠᠢ ᠦᠭᠡᠢ ᠲᠣᠣᠷ ᠰᠦᠯᠵᠢᠶᠡᠨ ᠤ ᠬᠠᠭᠤᠳᠠᠰᠤ ᠶᠢ ᠨᠡᠭᠡᠭᠡᠵᠦ ᠪᠣᠯᠬᠤ ᠦᠭᠡᠢ᠂ ᠵᠠᠷ ᠮᠡᠳᠡᠭᠡ ᠶᠢ ᠠᠮᠠᠷᠬᠠᠨ ᠢᠲᠡᠭᠡᠵᠦ ᠪᠣᠯᠬᠤ ᠦᠭᠡᠢ᠂ ᠮᠡᠳᠡᠭᠡ ᠵᠠᠩᠭᠢ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠰᠠᠨᠠᠭᠤᠯᠵᠠᠢ᠃      ᠲᠠᠷᠠᠭᠠᠴᠢ ᠶᠢᠨ ᠠᠯᠬᠤᠮ ᠳᠤ᠂ ᠮᠠᠨᠳᠤᠬᠤᠪᠤᠯᠠᠭ ᠬᠢᠯᠢ ᠶᠢᠨ ᠲᠣᠮᠢᠯᠠᠭᠰᠠᠨ ᠰᠠᠯᠪᠤᠷᠢ ᠦᠷᠭᠦᠯᠵᠢᠯᠡᠨ ᠲᠣᠣᠷ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠬᠦ᠂ ᠲᠣᠣᠷ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ᠂ ᠲᠣᠣᠷ ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠬᠤ ᠵᠡᠷᠭᠡ ᠬᠡᠯᠪᠡᠷᠢ ᠪᠠᠷ ᠨᠡᠶᠢᠭᠡᠮ ᠲᠣᠭᠤᠷᠢᠭ᠂  ᠪᠠᠶᠢᠭᠤᠯᠭ᠎ᠠ᠂ ᠰᠤᠷᠭᠠᠭᠤᠯᠢ ᠳᠤ ᠭᠦᠨᠵᠡᠭᠡᠶᠢᠷᠡᠵᠦ᠂ ᠪᠥᠬᠦ ᠠᠷᠠᠳ ᠤᠨ ᠲᠣᠣᠷ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠣᠣᠷ ᠰᠦᠯᠵᠢᠶᠡᠨ ᠤ ᠲᠦᠭᠰᠢᠭᠦᠷᠢ ᠶᠢ ᠠᠷᠭᠠᠴᠠᠬᠤ ᠴᠢᠳᠠᠪᠤᠷᠢ ᠪᠠᠨ ᠴᠢᠩᠭᠠᠳᠬᠠᠵᠤ᠂ ᠣᠯᠠᠨ ᠲᠦᠮᠡᠨ ᠢ ᠬᠠᠪᠰᠤᠷᠤᠨ ᠲᠣᠣᠷ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号