ᠮᠠᠨᠳᠤᠬᠤᠪᠤᠯᠠᠭ ᠪᠠᠯᠭᠠᠰᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠴᠢᠳᠠᠪᠤᠷᠢ ᠪᠠᠨ ᠮᠥᠷᠦᠶᠢᠴᠡᠨ ᠣᠳᠤᠨ ᠳᠡᠰ ᠰᠢᠯᠭᠠᠷᠠᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/21
      ᠮᠠᠨᠳᠤᠬᠤᠪᠤᠯᠠᠭ ᠪᠠᠯᠭᠠᠰᠤ ︽ᠪᠠᠷᠢᠮᠵᠢᠶ᠎ᠠ ᠲᠠᠢ ᠬᠠᠷᠢᠴᠠᠭᠤᠯᠵᠤ ᠲᠡᠷᠢᠭᠦᠨ ᠢ ᠡᠭᠦᠳᠬᠦ︾ ᠠᠵᠢᠯᠯᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠤᠰ ᠲᠥᠷᠥ ᠶᠢᠨ ᠴᠢᠳᠠᠪᠬᠢ ᠴᠢᠩᠭ᠎ᠠ᠂ ᠡᠩᠨᠡᠭᠡᠨ ᠤ ᠪᠠᠶᠢᠭᠤᠯᠤᠯᠲᠠ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠴᠢᠩᠭ᠎ᠠ᠂ ᠬᠥᠲᠥᠯᠥᠨ ᠳᠠᠭᠠᠭᠤᠯᠬᠤ ᠦᠢᠯᠡᠳᠦᠯ ᠴᠢᠩᠭ᠎ᠠ᠂ ᠣᠯᠠᠨ ᠲᠦᠮᠡᠨ ᠤ ᠠᠵᠢᠯ ᠴᠢᠩᠭ᠎ᠠ ︽ᠲᠠᠪᠤᠨ ᠬᠦᠴᠦᠷᠬᠡᠭ︾ ᠢᠶᠠᠷ ᠴᠣᠭᠴᠠᠯᠠᠯᠲᠠ ᠶᠢᠨ ᠪᠠᠷᠢᠮᠵᠢᠶ᠎ᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠦᠢᠯᠡᠴᠢᠯᠡᠬᠦ ᠴᠢᠳᠠᠪᠤᠷᠢ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠷᠠᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠬᠤ᠂ ᠠᠵᠢᠯ ᠬᠢᠵᠦ ᠦᠢᠯᠡᠰ ᠴᠣᠭᠴᠠᠯᠠᠬᠤ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠨ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠪᠠ᠃ ᠮᠠᠨᠳᠤᠬᠤᠪᠤᠯᠠᠭ ᠪᠠᠯᠭᠠᠰᠤ 9 ᠰᠠᠷ᠎ᠠ ᠶᠢᠨ 11 ᠤ ᠡᠳᠦᠷ᠂ ᠬᠤᠶᠠᠳᠤᠭᠠᠷ ᠬᠤᠭᠤᠴᠠᠭᠠᠨ ᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠤᠷᠢ ᠪᠠᠨ ᠮᠥᠷᠦᠶᠢᠴᠡᠨ ᠣᠳᠤᠨ ᠳᠡᠰ ᠰᠢᠯᠭᠠᠷᠠᠭᠤᠯᠬᠤ︾ ᠠᠵᠢᠯᠯᠠᠭ᠎ᠠ ᠥᠷᠨᠢᠭᠦᠯᠵᠡᠢ᠃      ᠬᠤᠪᠢ ᠲᠣᠭᠲᠠᠭᠠᠬᠤ ᠳᠤᠭᠤᠶᠢᠯᠠᠩ ᠡᠯ᠎ᠡ ᠭᠠᠴᠠᠭᠠᠨ ᠤ ᠨᠠᠮ ᠤᠨ ᠭᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠮᠠᠯ ᠠᠵᠤ ᠠᠬᠤᠢ ᠶᠢᠨ ᠰᠠᠭᠤᠷᠢᠨ ᠭᠠᠵᠠᠷ᠂ ᠨᠠᠮ ᠤᠨ ᠭᠡᠰᠢᠭᠦᠨ ᠭᠤᠣᠯᠯᠠᠬᠤ ᠡᠷᠦᠬᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠵᠡᠷᠭᠡ ᠭᠠᠵᠠᠷ ᠲᠤ ᠭᠦᠨᠵᠡᠭᠡᠶᠢᠷᠡᠨ ᠂ ᠲᠡᠳᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠵᠠᠰᠠᠯᠲᠠ ᠶᠢᠨ ᠦᠷ᠎ᠡ ᠪᠦᠲᠦᠮᠵᠢ ᠵᠡᠷᠭᠡ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠤᠪᠢ ᠣᠯᠭᠤᠪᠠ᠃      ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠡᠭᠡᠯᠵᠢᠯᠡᠨ ᠤᠷᠤᠯᠳᠤᠭᠠᠨ ᠳᠤ ᠣᠷᠤᠯᠴᠠᠨ᠂ ᠤᠷᠤᠯᠳᠤᠭᠠᠨ ᠤ ᠲᠠᠪᠴᠠᠩ ᠤᠨ ᠮᠥᠷᠥᠶᠢᠴᠡᠭᠡᠨ ᠥᠷᠨᠢᠭᠦᠯᠵᠦ᠂ ᠲᠠᠳᠠ ᠭᠠᠴᠠᠭᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠪᠠᠷ ᠭᠤᠣᠯ ᠰᠡᠳᠦᠪ ᠪᠣᠯᠭᠠᠵᠤ᠂ ︽ᠲᠠᠪᠤᠨ ᠬᠦᠴᠦᠷᠬᠡᠭ︾ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠣᠭᠤᠷᠢᠨ ᠳᠤ ᠭᠠᠴᠠᠭᠠᠨ ᠤ ᠤᠯᠤᠰ ᠲᠥᠷᠥ ᠶᠢᠨ ᠴᠢᠳᠠᠮᠵᠢ᠂ ᠡᠩᠨᠡᠭᠡᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ᠂ ᠬᠥᠲᠥᠯᠥᠨ ᠳᠠᠭᠠᠭᠤᠯᠬᠤ ᠦᠢᠯᠡᠳᠦᠯ ᠪᠠ ᠣᠯᠠᠨ ᠲᠦᠮᠡᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠲᠠᠨᠢᠯᠴᠠᠭᠤᠯᠪᠠ᠃      ᠡᠯ᠎ᠡ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠮᠵᠢᠯᠲᠠ ᠪᠠᠨ ᠭᠠᠶᠢᠬᠠᠭᠤᠯᠵᠤ᠂ ᠴᠤᠭ ᠵᠢᠪᠬᠤᠭ᠎ᠠ ᠪᠠᠨ ᠪᠠᠳᠠᠷᠠᠭᠤᠯᠤᠨ᠂ ᠬᠡᠪ ᠳᠠᠭᠤᠷᠢᠶᠠᠯ ᠦᠵᠡᠭᠦᠯᠵᠦ᠂ ᠴᠢᠳᠠᠪᠤᠷᠢ ᠪᠠᠨ ᠮᠥᠷᠦᠶᠢᠴᠡᠬᠦ ᠪᠠᠷ ᠳᠡᠮᠵᠢᠨ ᠳᠤᠲᠠᠭᠤᠳᠠᠯ ᠢᠶᠠᠨ ᠡᠷᠢᠯᠬᠢᠯᠡᠵᠦ᠂ ᠬᠥᠳᠡᠯᠭᠡᠬᠦ ᠬᠦᠴᠦᠨ ᠢ ᠬᠥᠭᠵᠢᠭᠡᠨ᠂ ᠠᠳᠠᠯᠢᠳᠬᠠᠨ ᠮᠥᠷᠦᠶᠢᠴᠡᠵᠦ ᠰᠢᠯᠢᠳᠡᠭ ᠢ ᠰᠢᠯᠭᠠᠷᠠᠭᠤᠯᠬᠤ ᠠᠭᠤᠷ ᠠᠮᠢᠰᠬᠤᠯ ᠢ ᠦᠨᠡᠨᠬᠦ ᠪᠣᠶ ᠪᠣᠯᠭᠠᠵᠤ᠂ ᠮᠠᠨᠳᠤᠬᠤᠪᠤᠯᠠᠭ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ      ᠠᠵᠢᠯᠯᠠᠭᠠᠨ ᠤ ᠡᠴᠦᠰ ᠲᠤ ᠬᠤᠯᠪᠤᠭ᠎ᠠ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠳᠦᠭᠡᠷ ᠳᠡᠰ ᠲᠤ ᠲᠣᠳᠤᠷᠠᠵᠤ᠂ ᠮᠠᠨᠳᠤᠬᠤᠪᠤᠯᠠᠭ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠳᠡᠰ᠂ ᠲᠣᠰᠤᠨᠨᠠᠭᠤᠷ ᠭᠠᠴᠠᠭ᠎ᠠ᠂ ᠪᠠᠶᠠᠨᠪᠦ᠋ᠷᠢᠳᠦ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠲᠤᠰ ᠰᠢᠯᠢᠳᠡᠭ ᠳᠡᠰ ᠲᠤ ᠣᠷᠤᠭᠰᠠᠨ ᠪᠠᠶᠢᠨ᠎ᠠ᠃      ᠮᠠᠨᠳᠤᠬᠤᠪᠤᠯᠠᠭ ᠪᠠᠯᠭᠠᠰᠤᠨ ᠤ ᠬᠤᠶᠠᠳᠤᠭᠠᠷ ᠬᠤᠭᠤᠴᠠᠭᠠᠨ ᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠤᠷᠢ ᠪᠠᠨ ᠮᠥᠷᠦᠶᠢᠴᠡᠨ ᠣᠳᠤᠨ ᠳᠡᠰ ᠰᠢᠯᠭᠠᠷᠠᠭᠤᠯᠬᠤ︾ ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠵᠢᠴᠢ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ ᠣᠯᠠᠨ ᠲᠦᠮᠡᠨ ᠤ ᠵᠠᠮ ᠢᠶᠠᠷ ᠶᠠᠪᠤᠬᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠣᠨᠣᠯ ᠤᠨ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠲᠥᠷᠥ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠦᠨ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠴᠢᠳᠠᠪᠤᠷᠢ ᠶᠢᠨ ᠲᠠᠯ᠎ᠠ ᠪᠠᠷ ᠪᠠᠲᠤ ᠴᠢᠩᠭ᠎ᠠ᠂ ᠰᠤᠷᠲᠠᠯ ᠤᠨ ᠲᠠᠯ᠎ᠠ ᠪᠠᠷ ᠪᠠᠲᠤ ᠴᠢᠩᠭ᠎ᠠ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡ ᠶᠢ ᠴᠢᠷᠮᠠᠶᠢᠨ ᠪᠣᠶ ᠪᠣᠯᠭᠠᠭᠰᠠᠨ ᠶᠤᠮ᠃      ᠡᠯ᠎ᠡ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ᠂ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠬᠦ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠲᠦᠷᠦᠭᠦᠴᠢ ᠶᠢᠨ ᠦᠢᠯᠡᠳᠦᠯ︾ ᠢ ᠭᠦᠢᠴᠡᠳ ᠪᠠᠳᠠᠷᠠᠭᠤᠯᠤᠨ᠂ ᠮᠠᠨᠳᠤᠬᠤᠪᠤᠯᠠᠭ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠠᠵᠤ ᠦᠢᠯᠡᠰ ᠬᠥᠭᠵᠢᠭᠰᠡᠨ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠵᠣᠯ ᠵᠢᠷᠭᠠᠯ ᠲᠠᠢ ᠪᠣᠯᠪᠠᠰᠤᠨ ᠂ ᠡᠶ᠎ᠡ ᠵᠣᠬᠢᠴᠠᠯ ᠲᠠᠢ ᠲᠣᠭᠲᠠᠭᠤᠨ ᠮᠠᠨᠳᠤᠬᠤᠪᠤᠯᠠᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠪᠡ᠃      ᠮᠠᠨᠳᠤᠬᠤᠪᠤᠯᠠᠭ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ᠂ ᠲᠥᠪ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠡᠯ᠎ᠡ ᠭᠠᠴᠠᠭᠠᠨ ᠤ ︽ᠬᠤᠶᠠᠷ ᠵᠥᠪᠯᠡᠯ︾ ᠤᠨ ᠭᠡᠰᠢᠬᠦᠳ ᠪᠠ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号