8 ᠰᠠᠷ᠎ᠠ ᠶᠢᠨ 31 ᠤ ᠡᠳᠦᠷ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠶᠢᠨ ᠬᠢᠨ ᠰᠠᠮᠠᠢ ᠰᠤᠮᠤᠨ ᠳᠤ ᠭᠦᠨᠵᠡᠭᠡᠶᠢᠷᠡᠨ ᠦᠨᠳᠦᠰᠦᠨ ᠱᠠᠲᠤᠨ ᠤ ᠰᠣᠶᠣᠯ ᠤᠨ ᠪᠠᠶᠢᠭᠤᠯᠤᠯᠲᠠ ᠶᠢᠨ ᠠᠵᠢᠯ ᠢ | ᠪᠠᠶᠢᠴᠠᠭᠠᠨ ᠵᠢᠯᠣᠭᠤᠳᠴᠤ᠂ ᠰᠣᠮᠣᠨ ᠤ ᠤᠳᠤᠷᠢᠳᠬᠤ ᠪᠠᠭ ᠤᠨ ᠭᠡᠰᠢᠭᠦᠨ ᠪᠠᠷ᠎ᠠ ᠪᠣᠯᠪᠠ᠃ | ᠪᠠᠶᠢᠴᠠᠭᠠᠬᠤ ᠳᠤᠭᠤᠶᠢᠯᠠᠩ ᠤᠨ ᠬᠢᠨ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠬᠠᠷᠢᠭᠤ | ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠮᠠᠨ ᠤ ᠰᠣᠮᠣᠨ ᠤ ᠦᠨᠳᠦᠰᠦᠨ ᠱᠠᠲᠤᠨ ᠤ | ᠰᠣᠶᠣᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ᠂ ᠦᠨᠳᠦᠰᠦᠨ ᠱᠠᠲᠤᠨ ᠤ ᠰᠣᠶᠣᠯ ᠤᠨ ᠲᠦᠬᠦᠭᠡᠷᠣᠮᠵᠢ ᠶᠢᠨ | ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠳᠠᠯ᠂ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠭᠰᠠᠨ ᠪᠠᠶᠢᠳᠠᠯ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠵᠤ | ᠠᠰᠢᠭᠯᠠᠭᠰᠠᠨ ᠪᠠᠶᠢᠳᠠᠯ᠂ ᠦᠨᠳᠦᠰᠦᠨ ᠱᠠᠲᠤᠨ ᠤ ᠰᠣᠶᠣᠯ ᠤᠨ ᠡᠩᠨᠡᠭᠡ ᠶᠢᠨ ᠪᠠᠶᠢᠭᠤᠯᠤᠯᠲᠠ ᠶᠢᠨ ᠪᠠᠶᠢᠳᠠᠯ᠂ | ᠰᠦᠶᠳᠬᠡᠯ ᠬᠤᠷᠢᠶᠠᠬᠤ ᠥᠬᠡᠶ ᠪᠠᠷ ᠪᠠᠯᠠ ᠮᠥᠩᠭᠦ ᠬᠡᠷᠡᠭᠯᠡᠭᠰᠡᠨ ᠪᠠᠶᠢᠳᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ | ᠬᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠡᠷᠭᠡ | ᠠᠵᠢᠯ ᠢ ᠨᠠᠷᠢᠯᠢᠭ ᠣᠶᠢᠯᠭᠠᠵᠣ᠂ ᠮᠠᠨ ᠤ ᠰᠤᠮᠤᠨ ᠤ ᠦᠨᠳᠦᠰᠦᠨ ᠱᠠᠲᠤᠨ ᠤ ᠰᠣᠶᠣᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠨᠣᠳᠠᠯᠠᠵᠣ᠂ ᠣᠳᠣᠬᠠᠨ ᠤ ᠣᠷᠣᠰᠢᠵᠤ ᠪᠠᠶᠭ᠎ᠠ ᠠᠰᠠᠭᠤᠳᠠᠯ ᠢ ᠬᠠᠷᠢᠭᠤ ᠲᠤᠰᠬᠠᠬᠤ | ᠶᠢᠨ ᠬᠠᠮᠲᠤ ᠬᠤᠶᠢᠰᠢᠳᠠ ᠶᠢᠨ ᠠᠵᠢᠯ ᠢᠶᠠᠨ ᠦᠷᠨᠢᠭᠦᠯᠬᠦ ᠳᠤ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ | ᠳᠣᠷᠠᠳᠪᠠ᠃ | ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠵᠦ᠂ ᠰᠠᠭᠤᠷᠢᠨ ᠭᠠᠵᠠᠷ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠣᠯᠠᠨ ᠲᠦᠮᠡᠨ | ᠤ ᠰᠣᠶᠣᠯ ᠤᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠰᠠᠮᠠᠶ ᠶᠢᠨ ᠥᠪᠡᠷᠮᠢᠴᠡ ᠣᠨᠴᠠᠯᠢᠭ ᠲᠠᠢ | ᠰᠣᠶᠣᠯ ᠤᠨ ᠠᠵᠢᠯᠯᠠᠭ᠎ᠠ ᠶᠢᠨ ᠲᠥᠷᠥᠯ ᠲᠡᠮᠳᠡᠭ ᠢ ᠡᠭᠦᠳᠴᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ | ᠰᠣᠶᠣᠯ ᠤᠨ ᠦᠶᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠣᠶᠣᠯ ᠢ | ᠬᠥᠭᠵᠢᠭᠦᠯᠦᠨ ᠮᠠᠨᠳᠤᠭᠤᠯᠬᠤ ᠪᠠᠷ ᠰᠠᠮᠠᠶ ᠳᠤ ᠦᠷᠭᠦᠯᠵᠢᠯᠡᠬᠦ ᠬᠥᠭᠵᠢᠯᠲᠡ ᠶᠢᠨ ᠠᠮᠢᠵᠢᠷᠠᠯ ᠤᠨ ᠬᠦᠴᠦᠨ ᠨᠡᠮᠡᠷᠢᠯᠡᠬᠦ | ᠬᠡᠷᠡᠭᠲᠡᠶ᠃ ᠠᠷᠠᠳ ᠣᠯᠠᠨ ᠤ ᠰᠣᠶᠣᠯ ᠤᠨ ᠦᠨᠳᠦᠰᠦᠨ ᠡᠷᠬᠡ ᠠᠰᠢᠭ ᠢ ᠪᠠᠲᠤᠯᠠᠬᠤ ᠪᠠᠷ ᠠᠵᠢᠯ ᠤᠨ ᠵᠣᠭᠰᠣᠴᠠ | ᠪᠣᠯᠭᠠᠵᠤ᠂ ᠰᠣᠮᠣᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ᠂ ᠰᠣᠶᠣᠯ ᠤᠨ ᠣᠨᠴᠠᠯᠢᠭ ᠵᠡᠷᠭᠡ | ᠬᠦᠴᠦᠨ ᠵᠦᠶᠯ ᠢ ᠶᠡᠷᠦᠩᠬᠡᠶᠢᠯᠡᠨ ᠪᠣᠳᠣᠯᠬᠢᠯᠠᠵᠤ᠂ ᠪᠣᠳᠠᠲᠤ ᠪᠠᠶᠢᠳᠠᠯ ᠳᠤ ᠨᠡᠶᠢᠴᠡᠭᠰᠡᠨ᠂ ᠰᠠᠶᠢᠨ ᠰᠠᠶᠢᠬᠠᠨ | ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠪᠣᠶ ᠪᠣᠯᠭᠠᠵᠤ᠂ ᠦᠨᠳᠦᠰᠦᠨ ᠱᠠᠲᠤᠨ ᠤ | ᠣᠯᠠᠨ ᠲᠦᠮᠡᠨ ᠳᠤ ᠦᠶᠯᠡᠴᠢᠯᠡᠬᠦ ᠴᠢᠬᠤᠯᠠ ᠠᠴᠢᠶᠠᠯᠠᠪᠤᠷᠢ ᠪᠣᠯᠭᠠᠬᠤ ᠬᠡᠷᠡᠭᠲᠡᠶ ᠭᠡᠪᠡ᠃ |