ᠡᠵᠢᠨᠠᠭᠤᠷ ᠪᠠᠯᠭᠠᠰᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/22
      ᠰᠦᠯᠵᠢᠶᠡᠨ ᠤ ᠠᠮᠤᠷ ᠲᠦᠪᠰᠢᠨ ᠨᠢ ᠬᠥᠮᠥᠨ ᠪᠦᠬᠦᠨ ᠳᠤ ᠬᠤᠯᠪᠣᠭᠳᠠᠨ᠎ᠠ᠃ 9 ᠰᠠᠷ᠎ᠠ ᠶᠢᠨ 11 ᠤ ᠡᠳᠦᠷ ᠠᠴᠠ 9 ᠰᠠᠷ᠎ᠠ ᠶᠢᠨ 17 ᠤ ᠡᠳᠦᠷ ᠪᠣᠯ ᠠᠷᠪᠠᠳᠤᠭᠠᠷ ᠬᠤᠭᠤᠴᠠᠭᠠᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠪᠣᠯᠣᠨ᠎ᠠ᠂ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠢᠳᠡᠪᠬᠢᠲᠡᠢ ᠳᠠᠭᠠᠵᠤ᠂ ᠣᠯᠠᠨ ᠨᠡᠶᠢᠲᠡ ᠶᠢᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶ᠎ᠡ ᠶᠢ ᠪᠣᠯᠪᠠᠰᠤᠨ ᠢᠶᠠᠷ ᠬᠡᠷᠡᠭᠯᠡᠬᠦ᠂ ᠰᠦᠯᠵᠢᠶᠡᠨ ᠳᠤ ᠪᠣᠯᠪᠠᠰᠤᠨ ᠢᠶᠠᠷ ᠭᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠡᠵᠢᠨᠠᠭᠤᠡᠷ ᠪᠠᠯᠭᠠᠰᠤ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾  ᠭᠤᠣᠯ ᠰᠡᠳᠦᠪ ᠤᠨ ᠲᠣᠭᠤᠷᠢᠨ ᠳᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ  ᠶᠢᠨ ᠭᠠᠷᠠᠭ ᠤᠨ ᠠᠵᠢᠯᠯᠠᠭ᠎ᠠ ᠥᠷᠨᠢᠭᠦᠯᠵᠡᠢ᠃      ᠰᠦᠯᠵᠢᠶᠡᠨ ᠳᠡᠭᠡᠷ᠎ᠡ᠂ ᠰᠦᠯᠵᠢᠶᠡᠨ ᠤ ᠠᠮᠤᠷ ᠲᠦᠪᠰᠢᠨ ᠤ ᠲᠠᠨᠢᠯᠲᠠ ᠪᠠ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠵᠢᠨᠠᠭᠤᠷ ᠪᠠᠯᠭᠠᠰᠤᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠲᠤᠰᠬᠠᠢ ᠰᠡᠳᠦᠪ ᠢ ᠨᠡᠭᠡᠭᠡᠵᠦ᠂ ᠬᠤᠯᠪᠣᠭᠳᠠᠯ ᠪᠦᠬᠦᠢ ᠸᠢᠳᠢᠤ᠋᠂ ᠵᠢᠷᠤᠭ ᠪᠢᠴᠢᠭ ᠢ ᠨᠡᠶᠢᠲᠡᠯᠡᠨ ᠰᠤᠷᠲᠠᠯᠴᠢᠯᠠᠨ ᠲᠠᠷᠬᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠡᠷᠭᠡ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠨᠡᠶᠢᠲᠡ ᠶᠢᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠪᠠᠲᠤᠳᠬᠠᠪᠠ᠃      ᠰᠦᠯᠵᠢᠶᠡᠨ ᠭᠠᠳᠠᠨ᠎ᠠ᠂ ᠰᠦᠯᠵᠢᠶᠡᠨ ᠤ ᠠᠮᠤᠷ ᠲᠦᠪᠰᠢᠨ ᠢ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠡᠵᠢᠨᠠᠭᠤᠷ ᠪᠠᠯᠭᠠᠰᠤᠨ ᠤ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠰᠡᠷᠡᠮᠵᠢᠯᠡᠭᠦᠯᠦᠨ ᠰᠤᠷᠲᠠᠯᠴᠢᠯᠠᠬᠤ ᠬᠥᠮᠦᠵᠢᠯ ᠥᠷᠨᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠪᠠ᠃ ᠡᠭᠦᠨ ᠤ ᠬᠠᠮᠲᠤ᠂ ︽ᠬᠠᠮᠲᠤ ᠪᠠᠷ ᠰᠤᠷᠤᠯᠴᠠᠬᠤ᠂ ᠮᠡᠳᠡᠯᠭᠡ ᠬᠤᠷᠠᠮᠳᠤᠭᠤᠯᠬᠤ︾᠂ ︽ᠬᠡᠷᠡᠭ ᠤᠨ ᠵᠢᠱᠢᠶ᠎ᠡ ᠶᠢ ᠵᠠᠳᠠᠯᠬᠤ᠂ ᠲᠤᠷᠰᠢᠯᠭ᠎ᠠ ᠪᠠᠨ ᠳ᠋ᠦᠩᠨᠡᠬᠦ︾᠂ ︽ᠬᠠᠷᠢᠯᠴᠠᠨ ᠰᠣᠯᠢᠯᠴᠠᠬᠤ᠂ ᠤᠬᠠᠮᠰᠠᠷ ᠢᠶᠠᠨ ᠳᠡᠭᠡᠭᠰᠢᠯᠡᠭᠦᠯᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠢ ᠭᠠᠴᠠᠭ᠎ᠠ ᠪᠠ ᠨᠡᠶᠢᠭᠡᠮ ᠲᠣᠭᠤᠷᠢᠭ ᠲᠤ ᠬᠦᠷᠭᠡᠵᠦ᠂ ᠣᠯᠠᠨ ᠲᠦᠮᠡᠨ ᠢ ᠬᠠᠪᠰᠤᠷᠤᠨ ᠠᠮᠢᠳᠤᠷᠠᠯ ᠳᠠᠬᠢ ᠰᠦᠯᠵᠢᠶᠡᠨ ᠤ ᠠᠮᠤᠷ ᠲᠦᠪᠰᠢᠨ ᠤ ᠲᠦᠭᠰᠢᠭᠦᠷᠢ ᠶᠢ ᠨᠠᠩ ᠰᠠᠶᠢᠨ ᠣᠶᠢᠯᠠᠭᠠᠨ ᠮᠡᠳᠡᠷᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ      ᠳᠠᠷᠠᠭᠠᠴᠢ ᠶᠢᠨ ᠠᠯᠬᠤᠮ ᠳᠤ᠂ ᠡᠵᠢᠨᠠᠭᠤᠷ ᠪᠠᠯᠭᠠᠰᠤᠨ ᠤ ᠬᠢᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠰᠤᠷᠤᠯᠴᠠᠭᠤᠯᠤᠨ᠂ ᠰᠦᠯᠵᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ︽ᠲᠠᠨᠢᠯᠲᠠ + ᠴᠢᠳᠠᠪᠤᠷᠢ︾ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠵᠦ᠂ ᠦᠨᠡᠨᠬᠦ ᠰᠦᠯᠵᠢᠶᠡᠨ ᠤ ᠠᠮᠤᠷ ᠲᠦᠪᠰᠢᠨ ᠤ ︽ᠰᠠᠬᠢᠭᠴᠢ︾ ᠪᠣᠯᠵᠤ᠂ ᠰᠦᠯᠵᠢᠶᠡᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾  ᠢ ᠪᠠᠬᠢᠵᠢᠭᠦᠯᠦᠨ᠎ᠡ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号