ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ | ᠪᠣᠯ ᠪᠠᠲᠤᠯᠠᠭ᠎ᠠ ᠪᠣᠯᠣᠨ᠎ᠠ ᠃ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠬᠤᠰᠢᠭᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠪᠠᠭᠰᠢ᠂ ᠬᠤᠰᠢᠭᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠵᠤᠷᠢᠭᠲᠤ ᠪᠠᠭᠰᠢ ᠶᠢ | ᠣᠨᠴᠠᠭᠠᠶᠢᠯᠠᠨ ᠤᠷᠢᠵᠤ᠂ ᠮᠠᠨ ᠤ ᠪᠠᠯᠭᠠᠰᠤᠨ ᠤ ᠺᠠᠳ᠋ᠷ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠬᠤᠶᠠᠷ ᠵᠦᠪᠯᠡᠯ | ᠂ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ ᠵᠡᠷᠭᠡ 30 ᠭᠠᠷᠤᠢ ᠬᠥᠮᠥᠨ ᠳᠤ ᠨᠢᠭᠡ ᠤᠳᠠᠭᠠᠨ ᠤ | ᠥᠪᠡᠷᠮᠢᠴᠡ ᠣᠨᠴᠠᠯᠢᠭ ᠲᠠᠢ᠂ ᠭᠤᠶᠢᠳᠠ ᠰᠠᠶᠢᠬᠠᠨ ᠪᠤᠯᠪᠠᠰᠤᠨ ᠬᠡᠪ ᠰᠤᠷᠲᠠᠯ ᠢ ᠰᠤᠷᠲᠠᠯᠴᠢᠯᠠᠬᠤ ᠭᠤᠣᠯ ᠰᠡᠳᠦᠪᠲᠦ | ᠤᠬᠠᠭᠤᠯᠤᠨ ᠲᠠᠶᠢᠯᠪᠤᠷᠢᠯᠠᠯᠲᠠ ᠬᠢᠵᠤ ᠂ ︽ᠪᠢᠴᠢᠯ︾ ᠤᠬᠠᠭᠤᠯᠤᠨ ᠲᠠᠶᠢᠯᠪᠤᠷᠢᠯᠠᠯᠲᠠ ᠪᠠᠷ ᠬᠥᠳᠡᠭᠡ ᠶᠢᠨ ᠬᠡᠪ | ᠰᠤᠷᠲᠠᠯ ᠤᠨ ︽ᠶᠡᠭᠡ︾ ᠪᠣᠯᠪᠠᠰᠤᠨ ᠢ ᠲᠦᠯᠬᠢᠨ ᠠᠬᠢᠭᠤᠯᠪᠠ᠃ | ᠤᠬᠠᠭᠤᠯᠤᠨ ᠲᠠᠶᠢᠯᠪᠤᠷᠢᠯᠠᠬᠤ ᠳᠤᠮᠳᠠ᠂ ᠵᠤᠷᠢᠭᠲᠤ ᠪᠠᠭᠰᠢ ᠲᠦᠬᠦᠮ ᠣᠶᠢᠯᠠᠭᠠᠮᠵᠢᠲᠠᠢ ᠦᠭᠡ ᠬᠡᠯᠡ ᠪᠠᠷ | ᠪᠦᠬᠦ ᠬᠥᠮᠥᠰ ᠲᠤ ᠪᠤᠯᠪᠠᠰᠤᠨ ᠪᠤᠰᠤ ᠬᠡᠪ ᠰᠤᠷᠲᠠᠯ ᠠᠴᠠ ᠪᠣᠯᠤᠭᠰᠠᠨ ᠨᠠᠵᠠᠭᠠᠢ ᠲᠠᠯ᠎ᠠ ᠶᠢᠨ ᠨᠥᠯᠥᠭᠡ ᠶᠢ | ᠲᠠᠶᠢᠯᠪᠤᠷᠢᠯᠠᠨ ᠥᠭᠴᠦ᠂ ᠤᠯᠠᠨ ᠢ ᠬᠥᠲᠥᠯᠥᠨ ᠵᠢᠯᠤᠭᠤᠳᠴᠤ ᠪᠠᠶᠢᠭᠠᠳ ᠠᠵᠢᠯᠴᠢ ᠠᠷᠪᠢᠴᠢ ᠪᠠᠷ ᠠᠷᠪᠢᠯᠠᠨ | ᠭᠠᠮᠨᠠᠵᠤ᠂ ᠪᠦᠷᠢᠯᠭᠡᠨ ᠰᠦᠢᠳᠬᠡᠬᠦ᠂ ᠹᠧᠣᠳᠠᠯ ᠤᠨ ᠮᠤᠬᠤᠷ ᠪᠢᠰᠢᠷᠡᠯ᠂ ᠪᠣᠯᠪᠠᠰᠤᠨ ᠪᠤᠰᠤ ᠳᠠᠬᠢᠯᠭ᠎ᠠ ᠵᠡᠷᠭᠡ ᠮᠠᠭᠤ | ᠵᠠᠩ ᠳᠠᠳᠬᠠᠯ ᠢ ᠡᠰᠡᠷᠭᠦᠴᠡᠨ ᠬᠤᠷᠢᠭᠯᠠᠵᠤ᠂ ᠵᠢᠯ ᠤᠰᠤ ᠬᠢᠬᠦ ᠶᠢ ᠳᠥᠭᠦᠮᠴᠢᠯᠡᠬᠦ ᠪᠤᠶᠤ ᠦᠯᠦ ᠬᠢᠬᠦ ᠶᠢ | ᠰᠠᠨᠠᠭᠠᠴᠢᠯᠠᠪᠠ᠃ ᠡᠭᠦᠨ ᠤ ᠵᠡᠷᠭᠡ ᠳᠤ ᠪᠠᠰᠠ ᠪᠤᠯᠪᠠᠰᠤᠨ ᠬᠡᠪ ᠰᠤᠷᠲᠠᠯ ᠢ ᠰᠤᠷᠲᠠᠯᠴᠢᠯᠠᠬᠤ ᠲᠥᠷᠥ ᠶᠢᠨ ᠪᠣᠳᠣᠯᠭ᠎ᠠ | ᠂ ᠡᠷᠬᠢᠮ ᠰᠤᠷᠲᠠᠯ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠵᠡᠷᠭᠡ ᠠᠭᠤᠯᠭ᠎ᠠ ᠶᠢᠨ ᠲᠣᠭᠤᠷᠢᠨ ᠳᠤ | ᠭᠦᠨᠵᠡᠭᠡᠢ ᠪᠥᠭᠡᠳ ᠣᠶᠢᠯᠠᠭᠠᠮᠵᠢᠲᠠᠢ ᠤᠬᠠᠭᠤᠯᠤᠨ ᠲᠠᠶᠢᠯᠪᠤᠷᠢᠯᠠᠵᠤ᠂ ᠣᠨᠣᠯ ᠤᠨ ᠲᠣᠳᠣᠷᠬᠠᠶᠢᠯᠠᠯᠲᠠ ᠬᠢᠭᠰᠡᠨ | ᠪᠥᠭᠡᠳ ᠪᠠᠰᠠ ᠬᠡᠷᠡᠭ ᠤᠨ ᠵᠢᠱᠢᠶ᠎ᠡ ᠶᠢᠨ ᠵᠠᠳᠠᠯᠤᠯᠲᠠ ᠬᠢᠭᠰᠡᠨ ᠪᠣᠯᠬᠤᠷ ᠲᠤᠰ ᠤᠳᠠᠭᠠᠨ ᠤ ᠤᠬᠠᠭᠤᠯᠤᠨ | ᠲᠠᠶᠢᠯᠪᠤᠷᠢᠯᠠᠯᠲᠠ ᠨᠢ ᠭᠦᠨ ᠭᠦᠨᠵᠡᠭᠡᠢ ᠰᠤᠷᠭᠠᠨ ᠬᠥᠮᠥᠵᠢᠭᠦᠯᠬᠦ ᠠᠴᠢ ᠬᠤᠯᠪᠣᠭᠳᠠᠯ ᠲᠠᠢ ᠪᠠᠶᠢᠵᠤ᠂ ᠪᠠᠭ᠎ᠠ ᠦᠯᠢᠭᠡᠷ | ᠢᠶᠠᠷ ᠶᠡᠭᠡ ᠶᠣᠰᠣ ᠶᠢ ᠲᠣᠳᠣᠷᠬᠠᠶᠢᠯᠠᠨ ᠲᠠᠶᠢᠯᠪᠤᠷᠢᠯᠠᠵᠤ᠂ ᠪᠠᠭ᠎ᠠ ᠬᠢᠴᠢᠶᠡᠯ ᠤᠨ ᠲᠢᠩᠬᠢᠮ ᠢᠶᠠᠷ ᠶᠡᠭᠡ ᠪᠣᠯᠪᠠᠰᠤᠨ ᠢ | ᠨᠢᠭᠲᠠᠷᠠᠭᠤᠯᠤᠭᠰᠠᠨ ᠪᠠᠶᠢᠨ᠎ᠠ᠃ ᠡᠭᠦᠨ ᠢᠶᠠᠷ ᠪᠠᠷᠠᠬᠤ ᠦᠭᠡᠢ᠂ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢ ᠤᠯᠠᠮ | ᠨᠢᠭᠡ ᠠᠯᠬᠤᠮ ᠪᠠᠶᠠᠯᠢᠭᠵᠢᠭᠤᠯᠵᠤ᠂ᠪᠤᠯᠪᠠᠰᠤᠨ ᠬᠡᠪ ᠰᠤᠷᠲᠠᠯ ᠢ ᠰᠤᠷᠲᠠᠯᠴᠢᠯᠠᠬᠤ ᠤᠬᠠᠭᠤᠯᠭ᠎ᠠ ᠶᠢ ᠲᠠᠷᠢᠬᠢ | ᠲᠣᠯᠣᠭᠠᠢ ᠳᠤᠨᠢ ᠬᠠᠳᠠᠩᠰᠢᠭᠤᠯᠬᠤ ᠶᠢᠨ ᠲᠥᠯᠥᠭᠡ᠂ ᠪᠠᠭᠰᠢ ᠠᠴᠠ ︽ᠰᠤᠷᠤᠯᠭ᠎ᠠ ᠶᠢ ᠰᠣᠨᠢᠷᠬᠠᠯ ᠳᠤ ᠠᠭᠤᠰᠬᠠᠬᠤ︾ | ᠠᠷᠭ᠎ᠠ ᠮᠠᠶ᠋ᠢᠭ ᠢᠶᠠᠷ ᠪᠥᠬᠦ ᠬᠥᠮᠥᠰ ᠲᠠᠢ ᠬᠠᠮᠲᠤ ᠪᠠᠷ ᠠᠨᠠᠨᠳᠠ ᠪᠦᠯᠬᠦᠮ ᠤᠨ ᠪᠢᠴᠢᠯ ᠺᠢᠨᠣ᠋ ︽ᠪᠠᠰᠠ ᠨᠢᠬᠡᠨ ᠵᠢᠯ︾ | ᠢ ᠦᠵᠡᠵᠦ᠂ ︽ᠲᠠᠭᠤ ᠵᠢᠷᠤᠭ︾ ᠢ ᠠᠭᠤᠰᠤᠯᠴᠠᠭᠤᠯᠤᠭᠰᠠᠨ ᠬᠡᠯᠪᠡᠷᠢ ᠪᠠᠷ ︽ᠪᠤᠯᠪᠠᠰᠤᠨ ᠬᠡᠪ ᠰᠤᠷᠲᠠᠯ ᠢ | ᠰᠤᠷᠲᠠᠯᠴᠢᠯᠠᠶ᠎ᠠ︾ ᠭᠡᠬᠦ ᠠᠭᠤᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠯᠠᠭᠤᠯᠤᠭᠰᠠᠨ ᠪᠠᠶᠢᠨ᠎ᠠ᠃ | ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠮᠠᠨ ᠤ ᠪᠠᠯᠭᠠᠰᠤᠨ ᠤ ᠬᠤᠶᠢᠰᠢᠳᠠ ᠶᠢᠨ | ᠪᠣᠯᠪᠠᠰᠤᠨ ᠤ ᠬᠥᠮᠦᠵᠢᠯ᠂ ᠪᠣᠯᠪᠠᠰᠤᠨ ᠤ ᠦᠢᠯᠡᠳᠦᠯᠭᠡ᠂ ᠪᠣᠯᠪᠠᠰᠤᠨ ᠢ ᠡᠭᠦᠳᠦᠨ ᠪᠠᠶᠢᠭᠤᠯᠬᠤ ᠳᠤᠮᠳᠠ ᠠᠷᠠᠳ ᠤᠨ | ᠰᠠᠨᠠᠭ᠎ᠠ ᠶᠢ ᠨᠡᠩ ᠰᠠᠶᠢᠨ ᠰᠣᠨᠣᠰᠴᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠦᠨ᠂ ᠠᠷᠠᠳ ᠤᠨ | ᠰᠡᠳᠬᠢᠯ ᠢ ᠨᠢᠭᠲᠠᠷᠠᠭᠤᠯᠵᠤ᠂ ᠳᠠᠷᠠᠭᠠᠴᠢ ᠶᠢᠨ ᠪᠤᠯᠪᠠᠰᠤᠨ ᠬᠡᠪ ᠰᠤᠷᠲᠠᠯ ᠢ ᠰᠤᠷᠲᠠᠯᠴᠢᠯᠠᠬᠤ ᠠᠵᠢᠯᠯᠠᠭ᠎ᠠ᠂ | ᠪᠣᠯᠪᠠᠰᠤᠨ ᠪᠠᠯᠭᠠᠰᠤ ᠲᠤᠰᠬᠤᠨ ᠶᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠳᠤ ᠲᠤᠰᠠᠲᠠᠢ | ᠶᠤᠮ᠃ | ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠤᠯᠠᠮ ᠴᠢᠨᠠᠭᠰᠢᠳᠠ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠥᠷᠲᠡᠭᠡ ︵ᠭᠠᠵᠠᠷ᠂ ᠴᠡᠭ︶ ᠵᠡᠷᠭᠡ ᠲᠠᠪᠴᠠᠩ ᠳᠤ ᠲᠦᠰᠢᠭᠯᠡᠵᠦ᠂ ︽ᠨᠢᠭᠡ | ᠳᠦᠷᠢᠮ ᠲᠠᠪᠤᠨ ᠬᠤᠷᠠᠯ︾ ᠤᠨ ᠳᠦᠷᠢᠮ ᠪᠣᠯᠣᠨ ᠰᠠᠶᠢᠨ ᠲᠤᠷᠠᠴᠤᠤᠯ ᠤᠨ ᠦᠢᠯᠡᠴᠢᠯᠡᠭᠡᠨ ᠤ ᠡᠩᠨᠡᠭᠡ ᠶᠢ | ᠠᠰᠢᠭᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠲᠤᠷᠠᠴᠤᠤᠯ ᠤᠨ ᠦᠢᠯᠡᠴᠢᠯᠡᠭᠡᠨ ᠤ | ᠡᠯ᠎ᠡ ᠲᠦᠷᠦᠯ ᠤᠨ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠤ ︽ᠠᠵᠢᠯᠯᠠᠭ᠎ᠠ ᠨᠢ ᠬᠠᠯᠠᠭᠤᠨ ᠰᠡᠳᠬᠢᠯᠭᠡ ᠲᠠᠢ᠂ | ᠨᠡᠶᠢᠲᠡᠯᠢᠭ ᠵᠢᠱᠢᠶ᠎ᠡ ᠨᠢ ᠨᠥᠯᠥᠭᠡ ᠲᠠᠢ᠂ ᠰᠠᠭᠤᠷᠢᠨ ᠭᠠᠵᠠᠷ ᠨᠢ ᠣᠨᠴᠠᠯᠢᠭ ᠲᠠᠢ᠂ ᠤᠬᠠᠭᠤᠯᠭ᠎ᠠ ᠨᠢ ᠰᠦᠷ | ᠬᠦᠴᠦᠨ ᠲᠠᠢ︾ ᠪᠠᠶᠢᠬᠤ ᠶᠢ ᠪᠡᠶᠡᠯᠡᠭᠦᠯᠵᠦ᠂ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ ᠬᠥᠮᠥᠵᠢᠭᠦᠯᠬᠦ᠂ | ᠤᠯᠠᠨ ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ | ᠲᠠᠰᠤᠷᠠᠯᠳᠡ ᠦᠭᠡᠢ ᠰᠢᠯᠤᠭᠤᠳᠬᠠᠵᠤ᠂ ᠪᠣᠯᠪᠠᠰᠤᠨ ᠰᠢᠨ᠎ᠡ ᠰᠤᠷᠲᠠᠯ ᠤᠨ ︽ᠳᠠᠭᠤᠨ︾ ᠨᠢ ᠬᠥᠮᠥᠰ ᠤᠨ | ᠰᠡᠳᠬᠢᠯ ᠳᠤ ᠬᠠᠳᠠᠩᠰᠢᠬᠤ ᠶᠢ ᠠᠬᠢᠭᠤᠯᠤᠨ᠎ᠠ᠃ | |