ᠬᠥᠪᠴᠢᠨ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠨᠠᠮ ᠤᠨ ᠪᠠᠶᠢᠭᠤᠯᠤᠯᠲᠠ ᠪᠠᠷ | ᠵᠢᠯᠤᠭᠤᠳᠤᠯᠭ᠎ᠠ ᠪᠣᠯᠭᠠᠵᠤ᠂ ᠤᠯᠠᠨ ᠡᠰᠢᠴᠢᠯᠡᠭᠰᠡᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠬᠦᠭ ᠠᠶᠠᠰ ᠢ | ᠬᠠᠩᠭᠢᠨᠠᠭᠤᠯᠪᠠ᠃ ᠬᠥᠪᠴᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠷᠲᠡᠭᠡ ᠶᠢᠨ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠬᠠᠷᠢᠶᠠᠲᠤ ᠣᠷᠣᠨ ᠤ ᠪᠠᠨ | ᠨᠠᠰᠤᠲᠠᠶᠢᠴᠤᠳ ᠲᠤ ᠲᠦᠬᠦᠮ ᠦᠵᠡᠭᠦᠯᠬᠦ ᠦᠢᠯᠡᠴᠢᠯᠡᠭᠡ ᠬᠠᠩᠭᠠᠪᠠ᠃ | ᠲᠣᠰ ᠠᠵᠢᠯᠯᠠᠭ᠎ᠠ ᠶᠢᠨ ᠲᠤᠬᠠᠶ ᠶᠢᠨ ᠡᠳᠦᠷ᠂ ᠬᠥᠪᠴᠢᠨ ᠨᠡᠶᠢᠭᠡᠮ ᠲᠣᠭᠤᠷᠢᠭ ᠤᠨ ︽ᠠᠨᠠᠷ ᠤᠨ ᠦᠷ᠎ᠡ︾ | ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠭᠡᠰᠢᠭᠦᠳ ᠨᠠᠰᠤᠲᠠᠶᠢᠴᠤᠳ ᠲᠤ ᠦᠨ᠎ᠡ ᠲᠥᠯᠥᠪᠦᠷᠢ ᠥᠬᠡᠶ ᠪᠠᠷ | ᠦᠰᠦ ᠵᠠᠰᠠᠵᠤ᠂ ᠨᠠᠰᠤᠲᠠᠶᠢᠴᠤᠳ ᠲᠤ ᠬᠠᠯᠠᠭᠤᠨ ᠰᠡᠳᠬᠢᠯ ᠤᠨ ᠦᠢᠯᠡᠴᠢᠯᠡᠭᠡ ᠬᠠᠩᠭᠠᠵᠤ ᠥᠭᠴᠡᠶ᠃ | ᠶᠠᠪᠤᠬᠤ ᠠᠴᠠ ᠪᠠᠨ ᠡᠮᠦᠨ᠎ᠡ᠂ ᠰᠠᠢᠨ ᠳᠤᠷ᠎ᠠ ᠶᠢᠨ ᠦᠢᠯᠡᠴᠢᠯᠡᠭᠴᠢᠳ ᠭᠠᠵᠠᠷ ᠳᠡᠭᠡᠷᠡᠬᠢ ᠦᠰᠦᠨ ᠤ ᠬᠠᠭ ᠢ ᠴᠠᠪ | ᠴᠡᠪᠡᠷᠬᠡᠨ ᠴᠡᠪᠡᠷᠯᠡᠵᠡᠶ᠃ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠤᠨ ᠡᠮᠨᠡᠯᠭᠡ ᠶᠢᠨ ᠠᠵᠢᠯᠲᠠᠳ ᠰᠠᠭᠤᠭᠠᠯᠢ ᠠᠷᠠᠳ ᠨᠢᠭᠡᠪᠦᠷᠢ ᠶᠢᠨ ᠪᠡᠶ᠎ᠡ ᠶᠢᠨ ᠪᠠᠶᠢᠳᠠᠯ ᠢ ᠨᠠᠷᠢᠨ ᠪᠠᠶᠢᠴᠠᠭᠠᠵᠤ | ᠂ ᠡᠳᠦᠷ ᠲᠤᠲᠤᠮ ᠤᠨ ᠪᠠᠶᠢᠳᠠᠯ ᠢ ᠠᠰᠠᠭᠤᠨ ᠯᠠᠪᠯᠠᠵᠤ᠂ ᠬᠤᠪᠢ ᠬᠥᠮᠦᠨ ᠤ ᠪᠠᠶᠢᠳᠠᠯ ᠢ ᠦᠨᠳᠦᠰᠦᠯᠡᠨ᠂ ᠠᠨᠠᠭᠠᠬᠤ | ᠤᠬᠠᠭᠠᠨ ᠤ ᠲᠠᠯ᠎ᠠ ᠠᠴᠠ ᠵᠢᠯᠣᠭᠤᠳᠬᠤ ᠴᠢᠨᠠᠷᠲᠠᠶ ᠰᠠᠨᠠᠭᠤᠯᠭ᠎ᠠ ᠥᠭᠬᠦ ᠶᠢᠨ ᠬᠠᠮᠲᠤ ᠪᠠᠰᠠ ᠴᠢᠰᠤᠨ ᠳᠠᠷᠤᠯᠲᠠ ᠶᠢ | ᠬᠡᠮᠵᠢᠬᠦ᠂ ᠴᠢᠰᠤᠨ ᠰᠢᠬᠢᠷ ᠢ ᠬᠡᠮᠵᠢᠬᠦ ᠶᠢ ᠬᠠᠩᠭᠠᠪᠠ︔ ᠡᠮᠨᠡᠯᠭᠡ ᠶᠢᠨ ᠠᠵᠢᠯᠲᠠᠳ ᠡᠮᠴᠢᠯᠡᠭᠡ ᠬᠢᠬᠦ ᠶᠠᠪᠤᠴᠠ ᠳᠠᠭᠠᠨ | ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠵᠤ᠂ ᠰᠠᠭᠤᠭᠠᠯᠢ ᠠᠷᠠᠳ ᠲᠤ | ᠡᠳᠦᠷ ᠲᠤᠲᠤᠮ ᠤᠨ ᠡᠷᠡᠭᠦᠯ ᠮᠡᠨᠳᠦ ᠶᠢᠨ ᠮᠡᠳᠡᠯᠭᠡ ᠪᠠ ᠥᠪᠡᠷ ᠢ ᠪᠠᠨ ᠡᠷᠡᠭᠦᠯᠵᠢᠭᠦᠯᠬᠦ ᠠᠷᠭ᠎ᠠ ᠵᠡᠷᠭᠡ ᠶᠢ | ᠲᠠᠶᠢᠯᠪᠤᠷᠢᠯᠠᠨ ᠥᠭᠴᠦ᠂ ᠡᠳᠦᠷ ᠲᠤᠲᠤᠮ ᠤᠨ ᠠᠮᠢᠳᠤᠷᠠᠯ ᠤᠨ ᠰᠠᠶᠢᠨ ᠰᠠᠶᠢᠬᠠᠨ ᠵᠠᠩ ᠳᠠᠳᠬᠠᠯ ᠢ ᠪᠣᠶ | ᠪᠣᠯᠭᠠᠬᠤ ᠳᠤ ᠬᠠᠪᠰᠤᠷᠤᠮᠵᠢ ᠪᠣᠯᠳᠠᠭ᠃ ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠦᠨᠡᠨ ᠬᠦ | ᠦᠢᠯᠡᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠬᠠᠶᠢᠷ᠎ᠠ | ᠬᠠᠯᠠᠮᠵᠢ ᠶᠢ ᠦᠨᠡᠨ ᠬᠦ ᠮᠡᠳᠡᠷᠡᠭᠦᠯᠬᠦ ᠪᠣᠯᠤᠨ᠎ᠠ᠃ | ᠡᠭᠦᠨ ᠤ ᠬᠠᠮᠲᠤ ᠬᠡᠰᠡᠭ ᠨᠠᠰᠤᠲᠠᠶᠢᠴᠤᠳ ᠤᠨ ᠭᠠᠷ ᠤᠲᠠᠰᠤ ᠬᠡᠷᠡᠭᠯᠡᠬᠦ ᠳᠤ ᠬᠦᠴᠢᠷᠲᠡᠶ ᠪᠠᠶᠢᠬᠤ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠨᠠᠰᠤᠲᠠᠶᠢᠴᠤᠳ ᠲᠤ ᠴᠤ ᠮᠡᠳᠡᠭᠡ ᠵᠠᠩᠭᠢ ᠶᠢᠨ ᠴᠠᠭ ᠦᠶ᠎ᠡ ᠠᠴᠠ | ᠠᠪᠴᠢᠷᠠᠭᠰᠠᠨ ᠲᠥᠬᠦᠮ ᠨᠥᠬᠦᠴᠡᠯ ᠢ ᠬᠠᠷᠰᠢ ᠰᠠᠭᠠᠳ ᠥᠬᠡᠶ ᠪᠠᠷ ᠡᠳ᠋ᠯᠡᠭᠦᠯᠦᠨ᠎ᠡ᠃ ᠰᠠᠶᠢᠨ ᠳᠤᠷ᠎ᠠ ᠶᠢᠨ | ᠠᠵᠢᠯᠯᠠᠭᠴᠢᠳ ᠡᠷᠤᠭᠡ ᠳᠤ ᠣᠷᠣᠵᠤ ᠨᠠᠰᠤᠲᠠᠶᠢᠴᠤᠳ ᠤᠨ ᠣᠷᠣᠰᠢᠨ ᠠᠮᠢᠳᠤᠷᠠᠬᠤ ᠶᠢᠨ ᠭᠡᠷᠡᠴᠢᠯᠡᠯ ᠢ ᠬᠠᠪᠰᠤᠷᠤᠨ | ᠣᠷᠣᠭᠤᠯᠵᠤ᠂ ᠨᠠᠰᠤᠲᠠᠶᠢᠴᠤᠳ ᠤᠨ ᠲᠤᠭᠠᠴᠢᠯᠠᠭᠰᠠᠨ ᠴᠠᠭ ᠦᠶ᠎ᠡ ᠶᠢ ᠳᠠᠪᠠᠭ᠋ᠤ ᠳᠤ ᠬᠦᠴᠦ ᠨᠡᠮᠡᠷᠢᠯᠡᠵᠦ᠂ | ᠤᠶᠤᠨᠴᠢᠯᠠᠭᠰᠠᠨ ᠲᠠᠪᠰᠢᠯᠳᠠ ᠶᠢᠨ ᠨᠠᠰᠤᠲᠠᠶᠢᠴᠤᠳ ᠤᠨ ᠪᠦᠯᠬᠦᠮ ᠳᠤ ᠤᠴᠠᠷᠠᠭᠤᠯᠬᠤ ᠬᠦᠴᠢᠷᠳᠡᠯ ᠢ ᠪᠠᠭᠠᠰᠬᠠᠪᠠ᠃ | ᠡᠭᠦᠨ ᠤ ᠵᠡᠷᠭᠡ ᠪᠠᠷ ᠰᠠᠭᠤᠭᠠᠯᠢ ᠠᠷᠠᠳ ᠲᠤ ᠨᠡᠶᠢᠲᠡᠯᠢᠭ ᠬᠡᠯᠡ ᠪᠠᠷ ᠶᠠᠷᠢᠬᠤ ᠶᠢ ᠳᠡᠯᠭᠡᠷᠡᠭᠦᠯᠪᠡ᠂ ᠪᠢᠳᠡ | ᠡᠷᠤᠭᠡ ᠳᠤ ᠬᠦᠷᠴᠦ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠤᠬᠠᠭᠤᠯᠬᠤ᠂ ᠸᠢᠴᠠᠲ ᠤᠨ ᠬᠤᠯᠪᠤᠭ᠎ᠠ ᠵᠡᠷᠭᠡ | ᠤᠯᠠᠨ ᠵᠦᠢᠯ ᠤᠨ ᠠᠷᠭ᠎ᠠ ᠮᠠᠶ᠋ᠢᠭ ᠢᠶᠠᠷ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ ᠮᠠᠨ ᠤ | ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠬᠥᠭᠵᠢᠯᠲᠡ ᠶᠢ ᠠᠬᠢᠭᠤᠯᠪᠠ᠃ | ᠬᠥᠪᠴᠢᠨ ᠨᠡᠶᠢᠭᠡᠮ ᠲᠣᠭᠤᠷᠢᠭ ᠤᠨ ︽ᠠᠨᠠᠷ ᠤᠨ ᠦᠷ᠎ᠡ︾ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ | ᠦᠢᠯᠡᠴᠢᠯᠡᠭᠡᠨ ᠤ ᠠᠩᠬᠢ ᠶᠢᠨ ᠪᠣᠷᠣᠭᠵᠢᠭᠤᠨ ᠦᠨᠡᠨᠴᠢ ᠠᠵᠢᠯᠯᠠᠭ᠎ᠠ ᠨᠢ ᠨᠠᠰᠤᠲᠠᠶᠢᠴᠤᠳ ᠢ ᠬᠠᠶᠢᠷᠠᠯᠠᠨ | ᠬᠠᠯᠠᠮᠵᠢᠯᠠᠵᠤ ᠪᠠᠶᠢᠬᠤ ᠶᠢ ᠢᠯᠡᠳᠬᠡᠵᠦ᠂ ᠨᠡᠩ ᠴᠤ ᠨᠡᠶᠢᠭᠡᠮ ᠲᠣᠭᠤᠷᠢᠭ ᠤᠨ ᠬᠢᠨ ᠬᠠᠷᠢᠶ᠎ᠠ ᠲᠣᠭᠤᠷᠢᠭ ᠤᠨ ᠢᠶᠠᠨ | ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠩᠬᠠᠷᠴᠤ ᠪᠠᠶᠢᠬᠤ ᠶᠢᠨ ᠭᠦᠢᠴᠡᠳ ᠢᠯᠡᠷᠡᠯ ᠪᠣᠯᠤᠨ᠎ᠠ | ᠃ ᠨᠡᠶᠢᠭᠡᠮ ᠲᠣᠭᠤᠷᠢᠭ ᠤᠨ ᠬᠢᠨ ︽ᠠᠨᠠᠷ ᠤᠨ ᠦᠷ᠎ᠡ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠦᠷᠦᠯ ᠰᠠᠳᠤᠨ ᠢᠶᠠᠨ ᠠᠴᠢᠯᠠᠵᠤ ᠨᠠᠰᠤᠲᠠᠨ ᠢᠶᠠᠨ ᠬᠦᠨᠳᠦᠯᠡᠬᠦ | ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠰᠠᠶᠢᠲᠤᠷ ᠤᠯᠠᠮᠵᠢᠯᠠᠵᠤ᠂ ᠨᠡᠶᠢᠲᠡᠯᠢᠭ | ᠬᠡᠯᠡ ᠶᠢ ᠲᠦᠭᠡᠮᠡᠯᠵᠢᠭᠦᠯᠵᠦ᠂ ᠰᠢᠨ᠎ᠡ ᠴᠠᠭ ᠦᠶ᠎ᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠲᠦᠰᠢᠭᠯᠡᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | |