ᠣᠯᠢᠶᠠᠰᠣᠲᠠᠢ ᠪᠠᠯᠭᠠᠰᠣᠨ ᠤ ᠪᠠᠶ᠋ᠬᠠᠷᠬᠡᠳᠣ ᠨᠡᠶᠢᠭᠡᠮ ᠲᠣᠭᠤᠷᠢᠭ ᠦᠨᠳᠣᠰᠣᠳᠡᠨ ᠤ ᠪᠦᠯᠬᠦᠮᠳᠡᠯ ᠲᠠᠪᠰᠢᠯᠲᠠ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/22
      ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠣᠬᠠᠭᠤᠯᠣᠨ ᠬᠦᠮᠦᠵᠢᠭᠦᠯᠬᠦ ᠠᠵᠢᠯ ᠢ ᠭᠦᠨᠵᠡᠭᠡᠶ ᠦᠷᠨᠢᠭᠦᠯᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠦᠯᠦᠭᠡ᠂ ᠪᠠᠶ᠋ᠬᠠᠷᠬᠡᠳᠣ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠭᠤᠣᠯᠯᠠᠵᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠪᠣᠯᠤᠨ ᠪᠠᠷᠢᠮᠵᠢᠶ᠎ᠠ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠢᠶᠠᠷ ᠠᠴᠢᠶᠠᠯᠠᠭᠴᠢ ᠪᠣᠯᠭᠠᠵᠣ᠂ 9 ᠰᠠᠷ᠎ᠠ ᠶᠢᠨ 12 ᠤᠨ ᠡᠳᠦᠷ ᠬᠠᠷᠢᠶᠠᠳᠣ ᠣᠷᠣᠨ ᠳᠠᠭᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠪᠠ ᠮᠡᠳᠡᠯᠭᠡ ᠶᠢ ᠣᠶᠢᠯᠠᠭᠠᠭᠤᠯᠤᠨ ᠡᠵᠡᠮᠰᠢᠭᠦᠯᠵᠦ᠂ ᠰᠠᠭᠤᠭᠠᠯᠢ ᠠᠷᠠᠳ ᠤᠨ ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠪᠦᠯᠢ ᠮᠡᠲᠦ ᠳᠣᠲᠣᠨᠣ ᠪᠣᠯᠬᠤ ᠣᠶᠢᠯᠠᠭᠠᠭᠳᠠᠬᠤᠨ ᠢ ᠣᠯᠠᠮ ᠨᠢᠭᠡ ᠠᠯᠬᠤᠮ ᠪᠠᠬᠢᠵᠢᠭᠦᠯᠪᠡ᠃ ᠡᠭᠦᠨ ᠤ ᠵᠡᠷᠭᠡᠪᠡᠷ᠂ ᠤᠯᠠᠨ ᠢᠶᠠᠷ ᠢᠶᠠᠨ ᠡᠳᠦᠷ ᠲᠤᠳᠤᠮ ᠤᠨ ᠠᠮᠢᠳᠤᠷᠠᠯ ᠳᠤᠮᠳᠠ ᠪᠠᠨ ᠪᠠᠷᠢᠮᠵᠢᠶ᠎ᠠ ᠬᠡᠯᠡ ᠪᠠᠷ ᠶᠠᠷᠢᠬᠤ ᠳᠠᠳᠬᠠᠯ ᠲᠠᠢ ᠪᠣᠯᠬᠤ ᠶᠢ ᠰᠠᠨᠠᠭᠠᠴᠢᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠬᠡᠷᠡᠭᠯᠡᠬᠦ ᠦᠵᠡᠯ ᠤᠬᠠᠮᠰᠠᠷ ᠢ ᠴᠢᠩᠭᠠᠳᠬᠠᠪᠠ᠃  ᠲᠣᠰ ᠠᠵᠢᠯᠯᠠᠭ᠎ᠠ ᠳᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 100 ᠭᠠᠷᠤᠶ ᠬᠤᠪᠢ ᠲᠠᠷᠬᠠᠭᠠᠵᠠᠶ᠃      ᠲᠤᠰ ᠠᠵᠢᠯᠯᠠᠭ᠎ᠠ ᠪᠠᠷ ᠲᠠᠮᠵᠢᠨ᠂ ᠨᠡᠶᠢᠭᠡᠮ ᠲᠣᠭᠤᠷᠢᠭ ᠤᠨ ᠠᠵᠢᠯᠲᠠᠳ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠠᠬᠢᠭᠤᠯᠬᠤ ᠬᠠᠷᠢᠭᠤᠴᠠᠯᠭ᠎ᠠ ᠪᠠᠨ ᠣᠯᠠᠮ ᠨᠢᠭᠡ ᠠᠯᠬᠤᠮ ᠴᠢᠩᠭᠠᠳᠬᠠᠵᠣ᠂ ᠰᠠᠭᠤᠭᠠᠯᠢ ᠠᠷᠠᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠬᠦᠯᠪᠡ᠃ ᠲᠠᠷᠠᠭᠠᠴᠢ ᠪᠠᠷ᠂ ᠪᠠᠶ᠋ᠬᠠᠷᠬᠡᠳᠣ ᠨᠡᠶᠢᠭᠡᠮ ᠲᠣᠭᠤᠷᠢᠭ ᠤᠨ ᠬᠢᠨ ᠡᠯ᠎ᠡ ᠲᠦᠷᠦᠯ ᠤᠨ ᠠᠵᠢᠯ ᠢᠶᠠᠨ ᠥᠷᠨᠢᠭᠦᠯᠬᠦ ᠲᠠᠢ ᠤᠶᠠᠯᠳᠤᠭᠤᠯᠤᠨ᠂ ᠣᠯᠠᠨ ᠲᠦᠮᠡᠨ ᠲᠠᠢ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭᠤᠯᠭ᠎ᠠ ᠶᠢ ᠬᠦᠯᠢᠶᠡᠨ ᠠᠪᠴᠣ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠵᠦᠢ ᠵᠣᠬᠢᠰᠲᠠᠢ ᠠᠷᠭ᠎ᠠ ᠪᠣᠳᠣᠯᠭ᠎ᠠ ᠶᠢ ᠰᠡᠳᠣᠪᠯᠡᠵᠣ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠳᠥᠯᠭᠢᠨ ᠭᠠᠷᠭᠠᠨ᠎ᠠ᠃    
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号