ᠰᠠᠮᠠᠢ ᠰᠤᠮᠤᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ  ᠨᠢ 2023 ᠣᠨ ᠤ ᠠᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/22
      9 ᠰᠠᠷ᠎ᠠ ᠶᠢᠨ 8 ᠤ ᠡᠳᠦᠷ᠂ ᠰᠠᠮᠠᠢ ᠰᠤᠮᠤᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠨᠢ 2023 ᠣᠨ ᠤ ᠠᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠤᠨ ᠲᠤᠬᠠᠶ ᠰᠢᠷᠢᠰ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠨ᠂ ᠰᠤᠮᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ  ᠭᠡᠰᠢᠭᠦᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃      ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠭᠡᠰᠢᠭᠦᠨ ᠨᠡᠷ ︽ᠪᠦᠬᠦ ᠨᠠᠮ ᠢᠶᠠᠷ ᠢᠶᠠᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠳᠤᠮᠲᠠᠳᠤ ᠤᠯᠤᠰ ᠤᠨ ᠡᠪ ᠬᠠᠮᠲᠦ ᠨᠠᠮ ᠤᠨ ᠲᠥᠪ ᠬᠤᠷᠢᠶᠠᠨ ᠤ ᠰᠠᠨᠠᠯ︾᠂ ︽ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ︾ ᠶᠢᠨ ᠵᠤᠷᠢᠭ ᠰᠠᠨᠠᠭ᠎ᠠ᠂ ᠰᠤᠷᠤᠯᠴᠠᠯᠭ᠎ᠠ ᠪᠠᠷ  ᠦᠵᠡᠯ ᠰᠠᠨᠠᠭ᠎ᠠ ᠶᠢ ᠰᠢᠨᠡᠳᠬᠡᠬᠦ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠪᠠ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠬᠦ ᠲᠤᠬᠠᠢ ᠴᠢᠬᠤᠯᠠ ᠵᠢᠭᠠᠪᠤᠷᠢ  ᠶᠢᠨ ᠱᠠᠭᠠᠷᠳᠠᠯᠭ᠎ᠠ ᠶᠢ ᠬᠠᠮᠲᠤ ᠪᠠᠷ ᠰᠤᠷᠤᠯᠴᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠥᠷᠨᠢᠭᠦᠯᠬᠦ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠴᠢᠬᠤᠯᠠ ᠶᠠᠷᠢᠶ᠎ᠠ ᠪᠣᠯᠤᠨ ᠵᠣᠬᠢᠶᠠᠯ ᠢ ᠲᠠᠭᠠᠨ ᠰᠤᠷᠤᠯᠴᠠᠵᠤ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ ᠶᠢ ᠪᠡᠶᠡᠯᠡᠭᠦᠯᠵᠦ᠂ ᠭᠤᠤᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠬᠠᠷᠠᠯᠲᠠ ᠱᠠᠭᠠᠷᠳᠠᠯᠭ᠎ᠠ ᠪᠣᠯᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠰᠢᠨ᠂ ᠦᠵᠡᠯ ᠰᠠᠨᠠᠭ᠎ᠠ ᠪᠣᠯᠤᠨ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨ ᠬᠦ ᠨᠢᠭᠡᠳᠬᠡᠵᠦ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠤ ᠦᠵᠡᠯ ᠰᠠᠨᠠᠭᠠᠨ ᠤ ᠰᠠᠭᠤᠷᠢ ᠶᠢ ᠰᠠᠶᠢᠲᠤᠷ ᠲᠠᠯᠪᠢᠨ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠤᠨᠤᠯ  ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠭᠡᠰᠢᠭᠦᠨ ᠪᠣᠯᠤᠨ ᠨᠠᠮ ᠤᠨ ᠭᠡᠰᠢᠭᠦᠨ ᠺᠠᠳ᠋ᠷ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠬᠦ᠂ ᠴᠢᠬᠤᠯᠠ ᠠᠭᠤᠯᠭ᠎ᠠ ᠶᠢ ᠡᠵᠡᠮᠰᠢᠬᠦ ᠵᠡᠷᠭᠡ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠪᠦᠬᠦ ᠰᠤᠮᠤᠨ ᠤ ᠨᠠᠮ ᠤᠨ ᠭᠡᠰᠢᠭᠦᠨ ᠺᠠᠳ᠋ᠷ ᠢ ᠳᠠᠶᠢᠴᠢᠯᠠᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠨᠡᠩ ᠰᠠᠶᠢᠲᠤᠷ ᠵᠡᠪᠰᠡᠭᠯᠡᠵᠦ᠂ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠴᠣᠭᠴᠠᠯᠠᠬᠤ ᠬᠡᠷᠡᠭᠲᠡᠢ︔ ᠭᠤᠣᠯ ᠰᠡᠳᠦᠪᠲᠦ ᠬᠥᠮᠦᠵᠢᠯ ᠤᠨ ᠰᠢᠷᠢᠰ ᠠᠵᠢᠯ ᠢ ᠰᠠᠶᠢᠲᠤᠷ ᠠᠳᠬᠤᠵᠤ᠂ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠪᠣᠳᠠᠲᠠᠢ ᠠᠵᠢᠯ ᠤᠨ ᠳᠤᠮᠳᠠ ᠪᠠᠨ ᠢᠯᠡᠷᠡᠭᠦᠯᠵᠦ᠂ ᠰᠠᠮᠠᠢ ᠶᠢᠨ ᠬᠥᠭᠵᠢᠯᠲᠡ ᠶᠢᠨ ᠡᠯ᠎ᠡ ᠲᠠᠯ᠎ᠠ ᠶᠢᠨ ᠠᠵᠢᠯ ᠲᠠᠢ ᠨᠢᠭᠲᠠ ᠤᠶᠠᠯᠳᠤᠭᠤᠯᠵᠤ᠂ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠲᠠᠢ ᠬᠠᠷᠭᠤᠭᠤᠯᠤᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ ᠳᠤᠲᠠᠭᠤᠳᠠᠯ ᠢᠶᠠᠨ ᠨᠥᠬᠦᠪᠥᠷᠢᠯᠡᠵᠦ᠂ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ᠨᠡᠩ ᠤᠯᠠᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠨᠢ ᠤᠯᠠᠨ ᠲᠦᠮᠡᠨ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号