26 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ | ᠶᠢᠨ ᠭᠠᠷᠠᠭ ᠤᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠢ ᠳᠠᠶᠢᠴᠢᠯᠠᠨ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠤᠬᠠᠮᠰᠠᠷ ᠠᠴᠠ ᠪᠠᠨ ᠵᠢᠷᠤᠮᠵᠢᠭᠤᠯᠤᠨ ᠬᠡᠷᠡᠭᠯᠡᠬᠦ | ᠤᠬᠠᠮᠰᠠᠷ ᠢ ᠨᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠦᠭᠡ ᠬᠡᠯᠡᠨ ᠤ ᠰᠣᠶᠣᠯ ᠢ | ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ 11 ᠤ ᠡᠳᠦᠷ᠂ ᠮᠠᠨ ᠤ ᠬᠤᠰᠢᠭᠤ ︿︿ᠨᠡᠶᠢᠲᠡᠯᠢᠭ | ᠬᠡᠯᠡ ᠶᠢ ᠲᠦᠭᠡᠮᠡᠯᠵᠢᠭᠦᠯᠵᠦ᠂ ᠰᠢᠨ᠎ᠡ ᠠᠶᠠᠨ ᠳᠤ ᠡᠷᠡᠯᠬᠡᠭᠯᠡᠨ ᠣᠷᠣᠭᠰᠢᠯᠠᠶ᠎ᠠ﹀﹀ ᠭᠡᠬᠦ ᠭᠤᠣᠯ ᠰᠡᠳᠣᠪᠲᠦ 26 | ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ | ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃ | ᠬᠤᠰᠢᠭᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠡᠷᠬᠢᠯᠡᠭᠴᠢ᠂ ᠳᠡᠳ᠋ ᠬᠤᠰᠢᠭᠤ | ᠳᠠᠷᠤᠭ᠎ᠠ ᠶᠣᠣ ᠬᠠᠢ ᠰᠢᠶᠠ ᠶᠣᠰᠣᠯᠠᠯ ᠳᠤ ᠣᠷᠣᠯᠴᠠᠭᠰᠠᠨ ᠤ ᠬᠠᠮᠲᠦ ᠶᠠᠷᠢᠶ᠎ᠠ ᠲᠠᠯᠪᠢᠵᠠᠢ ᠃ | ᠬᠤᠰᠢᠭᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭᠠᠲᠠᠨ ᠨᠥᠬᠦᠳ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ | ᠰᠤᠷᠤᠭᠴᠢᠳ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ ᠃ | ᠨᠡᠶᠢᠲᠡᠯᠢᠭ ᠬᠡᠯᠡ ᠶᠢ ᠶᠡᠭᠡ ᠪᠠᠷ ᠲᠦᠭᠡᠮᠡᠯᠵᠢᠭᠦᠯᠬᠦ ᠪᠣᠯ ︿︿ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀﹀ ᠠᠴᠠ ᠵᠠᠰᠠᠭ | ᠤᠨᠣᠷᠳᠣᠨ ᠪᠠ ᠠᠷᠠᠳ ᠢᠷᠭᠡᠳ ᠲᠤ ᠣᠯᠭᠤᠭᠰᠠᠨ ᠡᠭᠦᠷᠭᠡ ᠪᠠ ᠲᠤᠰᠢᠶᠠᠯ ᠬᠠᠷᠢᠭᠤᠴᠠᠯᠭ᠎ᠠ ᠮᠥᠨ᠃ ᠨᠡᠶᠢᠲᠡᠯᠢᠭ | ᠬᠡᠯᠡ ᠶᠢ ᠲᠦᠭᠡᠮᠡᠯᠵᠢᠭᠦᠯᠬᠦ ᠪᠣᠯ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠤᠨ ᠬᠡᠷᠡᠭᠴᠡᠭᠡ | ᠮᠥᠨ᠂ ᠬᠡᠪ ᠴᠢᠨᠠᠷ ᠤᠨ ᠰᠤᠷᠭᠠᠨ ᠬᠥᠮᠦᠵᠢᠯ ᠢ ᠴᠢᠩᠭᠠᠳᠬᠠᠬᠤ ᠶᠢᠨ ᠬᠡᠷᠡᠭᠴᠡᠭᠡ ᠮᠥᠨ᠃ ᠪᠦᠬᠦ | ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ | ᠶᠢᠨ ᠫᠢᠩ ᠤᠨ ᠦᠭᠡ ᠬᠡᠯᠡᠨ ᠤ ᠰᠣᠶᠣᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠶᠢᠨ ᠰᠢᠯᠢᠳᠡᠭ ᠦᠭᠡ ᠬᠡᠯᠡᠨ ᠤ ᠰᠣᠶᠣᠯ | ᠢ ᠤᠯᠠᠮᠵᠢᠯᠠᠨ ᠪᠠᠳᠠᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ | ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ | ᠪᠢᠴᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ( | ᠲᠠᠯᠠᠪᠠᠶ )᠂ ᠡᠯ᠎ᠡ ᠨᠢᠭᠡᠴᠡ ᠶᠢᠨ ᠬᠢᠨ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠰᠢᠨ᠎ᠡ ᠠᠶᠠᠨ ᠳᠤ ᠡᠷᠡᠯᠬᠡᠭᠯᠡᠨ | ᠣᠷᠣᠭᠰᠢᠯᠠᠶ᠎ᠠ﹀﹀ ᠭᠡᠰᠡᠨ ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠡᠯ᠎ᠡ ᠵᠦᠶᠯ ᠤᠨ ᠨᠡᠶᠢᠲᠡᠯᠢᠭ | ᠬᠡᠯᠡ ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠦᠭᠡ ᠬᠡᠯᠡ ᠥᠰᠥᠭ ᠪᠢᠴᠢᠭ | ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠭᠡ ᠬᠡᠯᠡ ᠥᠰᠥᠭ ᠪᠢᠴᠢᠭ ᠤᠨ ᠠᠵᠢᠯ ᠤᠨ | ᠹᠷᠣᠨᠲ ᠳᠡᠭᠡᠷ᠎ᠡ ᠠᠮᠵᠢᠯᠲᠠ ᠪᠦᠲᠦᠮᠵᠢ ᠭᠠᠷᠭᠠᠵᠤ᠂ ᠪᠥᠬᠦ ᠬᠤᠰᠢᠭᠤᠨ ᠤ ᠦᠭᠡ ᠬᠡᠯᠡ ᠥᠰᠥᠭ ᠪᠢᠴᠢᠭ ᠤᠨ | ᠠᠵᠢᠯ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠬᠡᠷᠡᠭᠲᠡᠶ᠃ | ᠠᠵᠢᠯᠯᠠᠭᠠᠨ ᠳᠤ᠂ ᠬᠤᠰᠢᠭᠤ ᠬᠤᠶᠠᠳᠤᠭᠠᠷ ᠬᠡᠦᠬᠡᠳ ᠤᠨ ᠴᠡᠴᠡᠷᠯᠢᠭ᠂ ᠳᠥᠷᠪᠡᠳᠦᠭᠡᠷ ᠪᠠᠭ᠎ᠠ ᠰᠤᠷᠭᠠᠭᠤᠯᠢ᠂ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠠᠴᠠ ︿︿ᠳᠤᠮᠳᠠᠳᠤ ᠤᠯᠤᠰ ᠤᠨ ᠦᠰᠦᠭ᠂ ᠳᠤᠮᠳᠠᠳᠤ | ᠤᠯᠤᠰ ᠤᠨ ᠬᠥᠮᠦᠨ﹀﹀᠂ ︿︿ᠡᠷᠲᠡᠨ ᠤ ᠰᠢᠯᠦᠭ ᠤᠨ ᠬᠠᠮᠲᠤᠷᠠᠭᠰᠠᠨ ᠤᠩᠰᠢᠯᠭ᠎ᠠ ᠶᠢᠨ ᠤᠨᠴᠠᠯᠢᠬᠳᠤ ᠬᠢᠴᠢᠶᠡᠯ | ᠤᠨ ᠵᠠᠪᠰᠠᠷ ᠤᠨ ᠲᠠᠮᠢᠷ﹀﹀᠂ ︿︿ᠭᠠᠵᠠᠷ ᠰᠢᠷᠣᠢ ᠶᠢᠨ ᠲᠠᠩᠭᠠᠷᠢᠭ﹀﹀ ᠵᠡᠷᠭᠡ ᠲᠣᠭᠯᠠᠯᠲᠠ ᠦᠵᠡᠭᠦᠯᠦᠯᠭᠡ ᠪᠠᠷ | ᠳᠠᠮᠵᠢᠭᠤᠯᠤᠨ᠂ ᠪᠠᠭᠰᠢ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠤᠬᠠᠮᠰᠠᠷ ᠠᠴᠠ ᠪᠠᠨ ᠵᠢᠷᠤᠮᠵᠢᠭᠤᠯᠤᠨ ᠬᠡᠷᠡᠭᠯᠡᠬᠦ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠦᠭᠡ ᠬᠡᠯᠡᠨ ᠤ | ᠰᠣᠶᠣᠯ ᠢ ᠪᠠᠳᠠᠷᠠᠭᠤᠯᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ ᠃ | ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠭᠠᠷ ᠤᠨ ᠥᠰᠥᠭ ᠵᠢᠷᠤᠬᠤ ᠠᠵᠢᠯᠯᠠᠭ᠎ᠠ ᠥᠷᠨᠢᠭᠦᠯᠵᠦ᠂ | ᠶᠣᠰᠣᠯᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠠᠵᠢᠯᠲᠠᠳ ᠬᠤᠶᠢᠨ᠎ᠠ ᠬᠤᠶᠢᠨ᠎ᠠ ᠠᠴᠠ ᠪᠠᠨ ᠲᠠᠶᠢᠰᠠᠨ ᠳᠤ | ᠭᠠᠷᠴᠤ ᠭᠠᠷ ᠤᠨ ᠥᠰᠥᠭ ᠵᠢᠷᠤᠵᠤ ᠳᠤᠷᠠᠰᠬᠠᠯ ᠦᠯᠡᠳᠡᠭᠡᠪᠡ ᠃ | ᠣᠶᠢᠯᠠᠭᠠᠭᠰᠠᠨ ᠢᠶᠠᠷ᠂ 1998 ᠣᠨ ᠠᠴᠠ ᠡᠬᠢᠯᠡᠨ᠂ ᠵᠢᠯ ᠪᠦᠷᠢ ᠶᠢᠨ 9 ᠰᠠᠷ᠎ᠠ ᠶᠢᠨ 3 ᠳ᠋ᠤᠭᠠᠷ ᠭᠠᠷᠠᠭ | ᠪᠣᠯ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠪᠣᠯᠤᠨ᠎ᠠ᠃ ᠡᠨᠡ ᠵᠢᠯ | ᠤᠨ 9 ᠰᠠᠷ᠎ᠠ ᠶᠢᠨ 11 ᠤ ᠡᠳᠦᠷ ᠠᠴᠠ 9 ᠰᠠᠷ᠎ᠠ ᠶᠢᠨ 17 ᠤ ᠡᠳᠦᠷ ᠪᠣᠯᠲᠠᠯ᠎ᠠ ᠪᠣᠯ ᠬᠤᠭᠤᠴᠠᠭ᠎ᠠ ᠪᠣᠯ 26 | ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ | ᠪᠣᠯᠤᠨ᠎ᠠ᠃ ᠲᠤᠰ ᠬᠤᠭᠤᠴᠠᠭᠠᠨ ᠤ ᠠᠵᠢᠯᠯᠠᠭ᠎ᠠ ᠨᠢ ︿︿ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠰᠢᠨ᠎ᠡ ᠠᠶᠠᠨ | ᠳᠤ ᠡᠷᠡᠯᠬᠡᠭᠯᠡᠨ ᠣᠷᠣᠭᠰᠢᠯᠠᠬᠤ﹀﹀ ᠪᠠᠷ ᠭᠤᠣᠯ ᠰᠡᠳᠦᠪ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠬᠤ ᠪᠠᠷ ᠵᠣᠷᠢᠯᠲᠠ ᠪᠠᠨ ᠪᠤᠯᠭᠠᠭᠰᠠᠨ ᠶᠤᠮ᠃ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ | ᠭᠠᠷᠠᠭ ᠤᠨ ᠬᠤᠭᠤᠴᠠᠭᠠᠨ ᠳᠤ᠂ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠡᠯ᠎ᠡ | ᠰᠤᠷᠭᠠᠭᠤᠯᠢ ︵ᠬᠡᠦᠬᠡᠳ ᠤᠨ ᠴᠡᠴᠡᠷᠯᠢᠭ︶ ᠠᠴᠠ ᠤᠯᠠᠨ ᠬᠡᠯᠪᠡᠷᠢ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ | ᠪᠠᠷ ᠳᠠᠮᠵᠢᠭᠤᠯᠤᠨ ᠲᠤᠰ ᠬᠤᠭᠤᠴᠠᠭᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ | ᠠᠵᠢᠯᠯᠠᠭ᠎ᠠ ᠶᠢᠨ ᠭᠦᠨᠵᠡᠭᠡᠶᠢᠷᠡᠨ ᠥᠷᠨᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠤᠯᠠᠨ ᠲᠦᠮᠡᠨ ᠤ ᠦᠭᠡ ᠬᠡᠯᠡ | ᠦᠰᠦᠭ ᠪᠢᠴᠢᠭ ᠢ ᠵᠢᠷᠤᠮᠵᠢᠭᠤᠯᠤᠨ ᠬᠡᠷᠡᠭᠯᠡᠬᠦ ᠤᠬᠠᠮᠰᠠᠷ ᠢ ᠲᠠᠰᠤᠷᠠᠯᠳᠠ ᠦᠭᠡᠢ ᠨᠡᠮᠡᠭᠳᠡᠭᠦᠯᠬᠦ ᠪᠣᠯᠤᠨ᠎ᠠ᠃ |