ᠲᠠᠪᠤᠳᠤᠭᠠᠷ ᠣᠳᠠᠭᠠᠨ ᠤ ︿︿ᠦᠵᠦᠮᠦᠴᠢᠨ ᠪᠦᠰᠡᠭᠦᠢ ᠶᠢᠨ ᠳᠠᠭᠤᠯᠠᠯ﹀﹀ ᠢᠷᠠᠭᠤ ᠨᠠᠶᠢᠷᠠᠭ ᠤᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/9/25
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠨᠡᠩ ᠤᠯᠠᠨ ᠡᠮᠡᠭᠲᠡᠢ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠤᠨ ᠵᠣᠬᠢᠶᠠᠨ ᠪᠦᠲᠦᠭᠡᠬᠦ ᠳᠠᠯᠳᠠ ᠬᠦᠴᠦᠨ ᠢ ᠬᠥᠭᠵᠢᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠤᠳᠬ᠎ᠠ ᠤᠷᠠᠯᠢᠭ ᠤᠨ ᠢᠳᠡᠪᠬᠢ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠵᠡᠭᠦᠨ ᠦᠵᠦᠮᠦᠴᠢᠨ ᠬᠤᠰᠢᠭᠤᠨ ᠤ ᠨᠣᠮ ᠤᠨ ᠰᠠᠩ ᠠᠴᠠ ᠳᠠᠭᠠᠭᠠᠴᠢᠯᠠᠨ ᠡᠷᠬᠢᠯᠡᠭᠰᠡᠨ ᠲᠠᠪᠤᠳᠤᠭᠠᠷ ᠣᠳᠠᠭᠠᠨ ᠤ ︿︿ᠦᠵᠦᠮᠦᠴᠢᠨ ᠪᠦᠰᠡᠭᠦᠢ ᠶᠢᠨ ᠳᠠᠭᠤᠯᠠᠯ﹀﹀ ᠢᠷᠠᠭᠤ ᠨᠠᠶᠢᠷᠠᠭ ᠤᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ 9 ᠰᠠᠷ᠎ᠠ ᠶᠢᠨ 14 ᠤ ᠡᠳᠦᠷ᠂  ᠬᠤᠰᠢᠭᠤ ᠨᠣᠮ ᠤᠨ ᠰᠠᠩ ᠳᠤ ᠶᠠᠪᠤᠭᠳᠠᠪᠠ  ᠃      ᠲᠣᠰ ᠤᠳᠠᠭᠠᠨ ᠤ ᠤᠷᠤᠯᠳᠤᠭᠠᠨ ᠳᠤ ᠪᠥᠬᠦ ᠠᠶᠢᠮᠠᠭ ᠤᠨ ᠬᠡᠪᠴᠢᠶᠡᠨ ᠠᠴᠠ 32 ᠢᠷᠠᠭᠤ ᠨᠠᠶᠢᠷᠠᠭ ᠤᠨ ᠪᠦᠲᠦᠭᠡᠯ ᠡᠯᠰᠡᠨ᠂ ᠡᠭᠦᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠪᠦᠲᠦᠭᠡᠯ 9᠂ ᠮᠣᠩᠭᠤᠯ ᠬᠡᠯᠡᠨ ᠤ ᠪᠦᠲᠦᠭᠡᠯ 23᠃ ᠵᠣᠬᠢᠶᠠᠨ ᠪᠠᠶᠢᠭᠤᠯᠬᠤ ᠺᠣᠮᠢᠰ ᠤᠨ ᠡᠯᠰᠡᠭᠰᠡᠨ ᠡᠬᠡ ᠪᠢᠴᠢᠭ ᠤᠨ ᠠᠩᠬᠠᠨ ᠤ ᠰᠢᠯᠭᠠᠷᠠᠭᠤᠯᠤᠯᠲᠠ᠂ ᠳᠠᠬᠢᠨ ᠰᠢᠯᠭᠠᠷᠠᠭᠤᠯᠤᠯᠲᠠ᠂ ᠡᠴᠦᠰ ᠤᠨ ᠰᠢᠯᠭᠠᠷᠠᠭᠤᠯᠤᠯᠲᠠ ᠵᠡᠷᠭᠡ ᠳᠠᠪᠬᠤᠷ ᠳᠠᠪᠬᠤᠷ ᠬᠢᠨᠠᠨ ᠰᠢᠯᠭᠠᠷᠠᠭᠤᠯᠤᠯᠲᠠ ᠪᠠᠷ ᠳᠡᠮᠵᠢᠨ᠂ 18 ᠣᠷᠣᠯᠴᠠᠭᠴᠢ ᠰᠢᠶᠳᠪᠦᠷᠢᠲᠦ ᠤᠷᠤᠯᠳᠤᠭᠠᠨ ᠳᠤ ᠣᠷᠤᠯᠴᠠᠵᠤ᠂ ᠰᠢᠢᠳᠪᠦᠷᠢᠲᠦ ᠤᠷᠤᠯᠳᠤᠭᠠᠨ ᠤ ᠲᠤᠬᠠᠶ ᠶᠢᠨ ᠲᠠᠯᠠᠪᠠᠶ ᠳᠤ ᠢᠷᠡᠵᠦ ᠥᠷᠢᠰᠥᠯᠳᠦᠪᠡ  ᠃      ᠤᠷᠤᠯᠳᠤᠭᠠᠨ ᠤ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠢᠲᠡᠭᠡᠯ ᠲᠡᠭᠦᠯᠳᠡᠷ ᠯᠠᠪᠳᠠᠭᠤᠨ ᠲᠣᠭᠲᠠᠭᠤᠨ ᠪᠠᠶᠢᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠥᠪᠡᠷ ᠤᠨ ᠪᠦᠲᠦᠭᠡᠯ ᠢᠶᠠᠨ  ᠤᠶᠠᠩᠭᠠᠯᠠᠪᠠ᠃ ᠵᠣᠬᠢᠶᠠᠨ ᠪᠠᠢᠭᠤᠯᠬᠤ ᠺᠣᠮᠢᠰ ᠠᠴᠠ ᠣᠷᠣᠯᠴᠠᠭᠰᠠᠳ ᠤᠨ ᠲᠤᠬᠠᠶ ᠶᠢᠨ ᠲᠠᠯᠠᠪᠤᠷ ᠤᠨ ᠤᠷᠠᠨ ᠤᠩᠰᠢᠯᠭ᠎ᠠ ᠶᠢᠨ ᠪᠠᠶᠢᠳᠠᠯ᠂  ᠢᠷᠠᠭᠤ ᠨᠠᠶᠢᠷᠠᠭ ᠤᠨ ᠪᠦᠲᠦᠴᠡ ᠵᠡᠷᠭᠡ ᠲᠠᠯ᠎ᠠ ᠪᠠᠷ ᠬᠤᠪᠢ ᠥᠭᠴᠦ᠂ ᠬᠠᠮᠤᠭ ᠰᠡᠭᠦᠯ ᠳᠤ ᠰᠢᠯᠢ ᠶᠢᠨ ᠬᠤᠳᠠ‌‍ᠶᠢᠨ ᠰᠦ᠊·ᠤᠷᠠᠨ᠎ᠠ ᠨᠢᠭᠡᠳᠦᠭᠡᠷ ᠳᠡᠰ ᠤᠨ ᠱᠠᠩᠨᠠᠯ ᠬᠦᠷᠳᠡᠵᠥ᠂ ᠵᠡᠭᠦᠨ ᠦᠵᠦᠮᠦᠴᠢᠨ ᠬᠤᠰᠢᠭᠤᠨ ᠤ ᠪᠠ᠊ ·ᠨᠠᠷᠠᠨᠴᠡᠴᠡᠭ᠂ ᠰᠢᠯᠤᠭᠤᠨ ᠭᠥᠭᠡ ᠬᠤᠰᠢᠭᠤᠨ ᠤ ᠴᠠᠢ ᠰᠢᠦ ᠧ ᠬᠤᠶᠠᠳᠤᠭᠠᠷ ᠳᠡᠰ ᠤᠨ ᠱᠠᠩᠨᠠᠯ ᠬᠦᠷᠳᠡᠵᠥ᠂ ᠰᠢᠯᠤᠭᠤᠨ ᠭᠥᠭᠡ ᠬᠤᠰᠢᠭᠤᠨ ᠤ ᠯᠢᠦ ᠬᠠᠢ ᠯᠢᠨ᠂ ᠵᠡᠭᠦᠨ ᠦᠵᠦᠮᠦᠴᠢᠨ ᠬᠤᠰᠢᠭᠤᠨ ᠤ ᠨᠠ᠊· ᠨᠠᠷᠠᠰᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠠᠷᠠᠭᠤᠯ ᠲᠤᠰ ᠲᠤᠰ ᠭᠤᠷᠪᠠᠳᠤᠭᠠᠷ ᠳᠡᠰ ᠤᠨ ᠱᠠᠩᠨᠠᠯ ᠬᠦᠷᠳᠡᠪᠡ  ᠃      ᠲᠣᠰ ᠤᠳᠠᠭᠠᠨ ᠤ ᠤᠷᠤᠯᠳᠤᠭᠠᠨ ᠨᠢ ᠡᠮᠡᠭᠲᠡᠢ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠲᠤ ᠨᠢᠭᠡᠨ ᠰᠣᠯᠢᠯᠴᠠᠭᠠᠨ ᠤ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠤᠷᠤᠯᠳᠤᠭᠠᠨ ᠨᠢ ᠦᠵᠦᠮᠦᠴᠢᠨ ᠢᠷᠠᠭᠤ ᠨᠠᠶᠢᠷᠠᠭ  ᠤᠨ ᠬᠡᠯᠪᠡᠷᠢ ᠪᠠᠷ ᠳᠠᠮᠵᠢᠭᠤᠯᠤᠨ᠂ ᠲᠠᠯ᠎ᠠ ᠨᠤᠲᠤᠭ ᠤᠨ ᠠᠷᠠᠳ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠣᠯᠭ᠎ᠠ ᠳᠣᠤᠷ᠎ᠠ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ‌ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠭ᠎ᠠ ᠶᠢ ᠮᠠᠭᠲᠠᠨ ᠳᠠᠭᠤᠯᠠᠵᠤ᠂ ᠡᠯ᠎ᠡ ᠠᠵᠢᠯ ᠲᠥᠷᠥᠯ ᠤᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠬᠢᠴᠠ ᠳᠤᠮᠳᠠᠬᠢ ᠣᠶᠤᠨ ᠰᠠᠨᠠᠭᠠᠨ ᠤ ᠳᠦᠷᠰᠦ ᠪᠠᠶᠢᠳᠠᠯ ᠪᠠ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠤᠯᠠᠮ ᠨᠢᠭᠡ ᠠᠯᠬᠤᠮ ᠢᠯᠡᠷᠡᠭᠦᠯᠵᠦ᠂ ᠢᠷᠠᠭᠤ ᠨᠠᠶᠢᠷᠠᠭ ᠢᠶᠠᠷ ᠴᠠᠭ ᠦᠶ᠎ᠡ ᠶᠢᠨ ᠭᠤᠤᠯ ᠬᠥᠭ ᠠᠶᠠᠰ ᠢ ᠬᠠᠩᠭᠢᠨᠠᠭᠤᠯᠤᠨ᠂ ᠲᠠᠯ᠎ᠠ ᠨᠤᠲᠤᠭ ᠤᠨ ᠥᠯᠢᠭᠡᠷ ᠢ ᠰᠠᠶᠢᠲᠤᠷ ᠶᠠᠷᠢᠬᠤ ᠶᠢ ᠵᠣᠷᠢᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号