ᠵᠡᠭᠦᠨ ᠦᠵᠦᠮᠦᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/25
      ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠢ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠤᠬᠠᠭᠤᠯᠭ᠎ᠠ  ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ 9 ᠰᠠᠷ᠎ᠠ ᠶᠢᠨ 14 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃      ᠠᠵᠢᠯᠯᠠᠭ᠎ᠠ ᠳᠤ 2023 ᠣᠨ ᠳᠤ ᠣᠨᠴᠠ ᠤᠷᠢᠭᠰᠠᠨ 5 ᠭᠠᠶᠢᠯᠢ ᠰᠦᠢᠳᠬᠡᠯ ᠤᠨ ᠦᠢᠯᠡᠴᠢᠯᠡᠭᠡᠨ ᠤ ᠣᠶᠢᠯᠠᠭᠠᠭᠴᠢ ᠶᠢ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠳᠤ ᠤᠷᠢᠵᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠲᠠᠲᠠᠪᠤᠷᠢᠯᠠᠨ ᠲᠤᠰᠢᠶᠠᠬᠤ ᠬᠠᠷᠢᠯᠴᠠᠨ ᠬᠥᠳᠡᠯᠦᠯᠴᠡᠬᠦ ᠲᠠᠪᠴᠠᠩ ᠤᠨ ᠰᠢᠨ᠎ᠡ  ᠪᠠᠷ ᠨᠡᠮᠡᠭᠳᠡᠭᠰᠡᠨ ᠴᠢᠳᠠᠮᠵᠢ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠣᠶᠢᠯᠠᠭᠠᠭᠤᠯᠬᠤ ᠶᠢᠨ ᠵᠡᠷᠭᠡ  ᠳᠤ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠵᠢᠯᠲᠠᠳ ᠪᠠᠰᠠ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠤᠬᠠᠭᠤᠯᠭ᠎ᠠ ᠬᠢᠵᠦ᠂ ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠤᠨ ᠭᠠᠶᠢᠯᠢ ᠲᠠᠲᠠᠪᠤᠷᠢ ᠶᠢᠨ ᠲᠤᠬᠠᠢ ᠲᠥᠷᠥ ᠶᠢᠨ ᠪᠣᠳᠣᠯᠭ᠎ᠠ ᠶᠢ ᠲᠣᠳᠣᠷᠬᠠᠢ ᠡᠵᠡᠮᠰᠢᠭᠦᠯᠦᠨ᠂ ᠡᠯ᠎ᠡ ᠵᠦᠢᠯ ᠤᠨ ᠭᠠᠶᠢᠯᠢ ᠳᠤᠰᠢᠶᠠᠬᠤ ᠬᠠᠷᠭᠠᠯᠵᠢᠯᠠᠯ ᠢ ᠬᠦᠷᠲᠡᠭᠡᠭᠰᠡᠨ ᠪᠠᠶᠢᠨ᠎ᠠ  ᠃      ᠡᠨᠡ ᠬᠦ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠭᠰᠠᠨ ᠨᠢ ᠵᠡᠭᠦᠨ ᠦᠵᠦᠮᠦᠴᠢᠨ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠥᠷᠨᠢᠩᠭᠦᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠦ᠂ ᠵᠡᠭᠦᠨ ᠦᠵᠦᠮᠦᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠵᠤ ᠠᠬᠤᠶᠢᠯᠠᠯ ᠳᠤ ᠦᠢᠯᠡᠴᠢᠯᠡᠬᠦ ᠤᠭ ᠰᠠᠨᠠᠭ᠎ᠠ ᠪᠠᠨ ᠦᠷᠭᠦᠯᠵᠢᠯᠡᠨ ᠪᠠᠷᠢᠮᠲᠠᠯᠠᠵᠤ᠂ ᠭᠠᠶᠢᠯᠢ ᠲᠠᠲᠠᠪᠤᠷᠢ ᠶᠢᠨ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠦᠨ᠂ ᠳᠤᠮᠳᠠ ᠵᠢᠵᠢᠭ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ ᠠᠵᠤ  ᠠᠬᠤᠢ ᠶᠢᠨ ᠦᠷᠨᠢᠩᠭᠦᠢ ᠬᠥᠭᠵᠢᠯᠲᠡ ᠳᠤ ᠨᠠᠩ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号