ᠬᠤᠰᠢᠭᠤ ᠲᠠᠰ ᠤᠨ ᠤᠳᠤᠷᠢᠳᠤᠯᠭ᠎ᠠ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠭᠦᠨᠵᠡᠭᠡᠶᠢᠷᠡᠵᠦ ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2023/9/25
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ  ᠨᠠᠶᠢᠲᠠᠪᠤᠷᠢᠵᠢᠭᠤᠯᠵᠤ᠂ ᠨᠠᠮ ᠤᠨ ᠭᠡᠰᠢᠭᠦᠨ ᠤᠲᠤᠷᠢᠲᠤᠯᠭ᠎ᠠ ᠶᠢᠨ ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ᠂ ᠵᠢᠱᠢᠶ᠎ᠡ ᠦᠵᠡᠭᠦᠯᠵᠦ ᠬᠥᠲᠥᠯᠥᠨ ᠵᠢᠯᠤᠭᠤᠳᠬᠤ ᠦᠢᠯᠡᠳᠦᠯ ᠢ ᠬᠦᠢᠴᠠᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠬᠡ ᠠᠯᠬᠤᠮ ᠲᠦᠯᠬᠢᠨ ᠠᠬᠢᠭᠤᠯᠬᠤ ᠶᠢᠨ ᠲᠦᠯᠤᠬᠡ᠂ 9 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠲᠠᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠨᠠᠷ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠪᠠ ᠵᠢᠯᠣᠭᠤᠳᠤᠯᠭ᠎ᠠ ᠬᠢᠵᠦ᠂ ᠰᠤᠮᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃      ᠬᠦᠲᠠᠷ ᠨᠠᠷ ᠤᠷᠢᠳ ᠬᠤᠵᠢᠳ ᠪᠠᠶᠠᠨᠬᠠᠩᠭᠠᠢ ᠭᠠᠴᠠᠭᠠᠨ ᠤ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠪᠠᠲᠠᠷᠠᠬᠤ ᠭᠠᠴᠠᠭᠠᠨ ᠤ ᠨᠠᠮ ᠤᠨ ᠬᠡᠰᠢᠬᠦᠨ ᠭᠤᠤᠯᠯᠠᠬᠤ ᠡᠷᠤᠬᠡ᠂ ᠰᠤᠮᠤᠨ ᠤ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠵᠦ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠨᠢᠬᠡ ᠡᠷᠤᠬᠡ ᠨᠢᠬᠡ ᠤᠨᠴᠠᠯᠢᠭᠲᠤ ᠨᠠᠮ ᠤᠨ ᠬᠡᠰᠢᠬᠦᠨ ᠭᠤᠤᠯᠯᠠᠬᠤ ᠡᠷᠤᠬᠡ ᠶᠢᠨ ᠪᠦᠲᠤᠬᠡᠨ ᠪᠠᠶᠢᠭᠤᠯᠤᠯᠲᠠ ᠪᠤᠯᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠵᠢᠬᠦᠯᠤᠭ᠍ᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠠᠴᠠᠭᠠᠨ ᠤ ᠬᠠᠷᠢᠭᠤᠴᠠᠯᠭᠠᠲᠠᠨ ᠠᠴᠠ ᠮᠢᠬᠠᠨ ᠦᠬᠡᠷ ᠲᠡᠵᠢᠭᠡᠨ ᠦᠷᠡᠵᠢᠭᠦᠯᠬᠦ ᠬᠡᠪ ᠵᠠᠭᠪᠤᠷ᠂ ᠲᠥᠷᠥᠯ ᠵᠦᠢᠯ᠂ ᠠᠷᠭᠠᠯ ᠰᠢᠬᠡᠭ ᠤᠨ ᠰᠢᠢᠳᠪᠤᠷᠢᠯᠠᠯᠲᠠ᠂ ᠵᠠᠷᠤᠴᠠᠭᠤᠯᠤᠯᠲᠠ ᠵᠢᠴᠢ ᠣᠨᠴᠠᠯᠢᠭᠲᠤ ᠨᠠᠮ ᠤᠨ ᠭᠡᠰᠢᠭᠦᠨ ᠭᠤᠤᠯᠯᠠᠬᠤ ᠡᠷᠦᠬᠡ ᠶᠢᠨ ᠦᠢᠯᠡᠳᠦᠯ ᠪᠠᠳᠠᠷᠠᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠢ ᠲᠠᠶᠢᠯᠤᠮᠵᠢ ᠬᠢᠭᠰᠡᠨ ᠪᠠᠶᠢᠨ᠎ᠠ᠃      ᠡᠬᠦᠨ ᠤ ᠬᠠᠮᠲᠤ ᠬᠠᠷᠢᠭᠤ ᠮᠡᠳᠡᠭᠦᠯᠦᠯᠲᠡ ᠶᠢ ᠰᠣᠨᠣᠰᠬᠤ᠂ ᠨᠠᠮ ᠤᠨ ᠬᠢᠴᠢᠶᠡᠯ ᠳᠤ ᠣᠷᠣᠯᠴᠠᠬᠤ᠂ ᠡᠷᠦᠬᠡ ᠳᠤ ᠬᠦᠨᠵᠡᠬᠡᠶᠢᠷᠠᠨ ᠰᠤᠷᠪᠤᠯᠵᠢᠯᠠᠬᠤ ᠵᠡᠷᠭᠡ ᠠᠷᠭ᠎ᠠ ᠪᠠᠷ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠨ᠂ ᠬᠤᠶᠢᠰᠢᠳᠠ ᠶᠢᠨ ᠬᠥᠭᠵᠢᠯᠲᠡ ᠳᠤ ᠵᠢᠯᠤᠭᠤᠳᠬᠤ ᠴᠢᠨᠠᠷᠲᠠᠢ ᠰᠠᠨᠠᠭᠤᠯᠭ᠎ᠠ ᠳᠤᠷᠠᠳᠪᠠ᠃      ᠴᠢᠬᠤᠯᠡᠴᠢᠯᠠᠭᠰᠠᠨ ᠨᠢ᠄ ᠨᠢᠭᠡ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ  ᠦᠷᠨᠢᠬᠦᠯᠣᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠢᠨᠠᠭᠰᠢᠳᠠ ᠬᠥᠮᠥᠵᠢᠭᠦᠯᠦᠨ ᠬᠥᠲᠥᠯᠥᠨ ᠵᠢᠯᠤᠭᠤᠳᠴᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠳᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ︔ ᠬᠤᠶᠠᠷ ᠲᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠠᠶᠢᠭᠤᠯᠬᠤ ᠪᠠᠲᠤ ᠴᠢᠩᠭ᠎ᠠ ᠪᠠᠬᠢᠯᠡᠯᠲᠡ ᠪᠤᠯᠬᠤ ︽ᠵᠢᠱᠢᠶᠡᠴᠢ ᠨᠠᠮ ᠤᠨ ᠡᠭᠦᠷ︾ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠦᠷᠤᠶᠢᠴᠠᠵᠤ ᠠᠲᠠᠯᠢᠳᠬᠠᠬᠤ︾ ᠠᠵᠢᠯᠯᠠᠭ᠎ᠠ ᠪᠠᠷ ᠭᠠᠷᠳᠠᠴᠠ  ᠪᠤᠯᠭᠠᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠤᠨ ᠳᠦᠷᠢᠮ ᠤᠨ ᠪᠠᠶᠢᠭᠤᠯᠤᠯᠲᠠ᠂ ᠰᠢᠰᠲ᠋ᠧᠮ ᠤᠨ ᠪᠠᠶᠢᠭᠤᠯᠤᠯᠲᠠ᠂ ᠪᠦᠬᠦᠯᠢ ᠴᠣᠭᠴᠠ ᠶᠢᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠲᠠᠷᠠᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ︔ ᠭᠤᠷᠪᠠ ᠳᠤ᠂ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠬᠡᠮᠡᠯᠵᠢᠬᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠰᠠᠶᠢᠲᠤᠷ ᠦᠷᠨᠢᠬᠦᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠭᠴᠠᠯᠠᠬᠤ ᠬᠡᠷᠡᠭᠲᠠᠢ︔ ᠲᠦᠷᠪᠠ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠮᠠᠯᠴᠢᠳ ᠢ ᠳᠠᠭᠠᠭᠤᠯᠤᠨ ᠣᠷᠣᠯᠭ᠎ᠠ ᠪᠠᠨ ᠨᠠᠮᠡᠭᠲᠠᠬᠦᠯᠬᠦ ᠪᠠᠷ ᠭᠤᠣᠯᠳᠠᠯᠭ᠎ᠠ ᠪᠣᠯᠭᠠᠵᠤ᠂ ︽ᠦᠵᠤᠮᠤᠴᠢᠨ ᠬᠤᠨᠢ ᠪᠠᠷ ᠭᠤᠤᠯᠲᠠᠯᠭᠠᠲᠤ ᠦᠢᠯᠠᠰ ᠪᠤᠯᠭᠠᠵᠤ᠂ ᠮᠢᠬᠠᠨ ᠦᠬᠡᠷ ᠤᠨ ᠠᠵᠤ ᠦᠢᠯᠡᠰ ᠢ ᠶᠡᠬᠡᠪᠡᠷ ᠬᠥᠭᠵᠢᠭᠦᠯᠬᠦ︾ ᠮᠠᠯ ᠠᠵᠤ ᠠᠬᠤᠢ ᠶᠢᠨ ᠪᠦᠲᠦᠴᠡ ᠶᠢᠨ ᠲᠣᠭᠤᠷᠢᠨ ᠳᠤ᠂ ᠦᠵᠦᠮᠦᠴᠢᠨ ᠬᠤᠨᠢ ᠶᠢ ᠰᠣᠩᠭᠤᠨ ᠪᠣᠶᠢᠵᠢᠭᠤᠯᠬᠤ ᠰᠠᠭᠤᠷᠢᠨ ᠭᠠᠵᠠᠷ ᠪᠠ ᠰᠢᠮᠧᠨ᠋ᠲ᠋ᠠᠷ ᠦᠬᠡᠷ ᠤᠨ ᠰᠣᠩᠭᠤᠨ ᠪᠣᠶᠢᠵᠢᠭᠤᠯᠬᠤ ᠰᠠᠭᠤᠷᠢᠨ ᠭᠠᠵᠠᠷ ᠤᠨ ᠠᠵᠤ ᠦᠢᠯᠡᠰ ᠤᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠬᠥᠭᠵᠢᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠮᠠᠯᠴᠢᠨ ᠲᠦᠮᠡᠨ ᠢ ᠳᠠᠶᠢᠴᠢᠯᠠᠨ ᠣᠷᠣᠯᠭ᠎ᠠ ᠪᠠᠨ ᠨᠡᠮᠡᠭᠳᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠬᠡᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号