ᠠᠯᠲᠠᠨᠬᠢᠯᠢ ᠰᠤᠮᠤ ᠨᠢ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠶᠠᠪᠤᠭᠤᠯᠪᠠ
ᠨᠡᠶᠢᠲᠡᠯᠡᠭᠰᠡᠨ ᠴᠠᠭ᠄
2023/9/25
      9 ᠰᠠᠷ᠎ᠠ ᠶᠢᠨ 13 ᠤ ᠡᠳᠦᠷ᠂ ᠠᠯᠲᠠᠨᠬᠢᠯᠢ ᠰᠤᠮᠤ ᠨᠢ ᠭᠠᠴᠠᠭᠠᠨ ᠤ ᠠᠯᠪᠠᠨ ᠭᠡᠷ᠂ ᠨᠠᠮ ᠤᠨ ᠭᠡᠰᠢᠭᠦᠨ ᠭᠤᠤᠯᠯᠠᠬᠤ ᠡᠷᠦᠬᠡ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠵᠡᠷᠭᠡ ᠰᠠᠭᠤᠷᠢᠨ ᠭᠠᠵᠠᠷ ᠲᠤ ᠭᠦᠨᠵᠡᠭᠡᠶᠢᠷᠡᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠨᠢ ᠤᠬᠠᠭᠤᠯᠭ᠎ᠠ ᠶᠢᠨ ᠳᠡᠪᠲᠡᠷ ᠲᠠᠷᠬᠠᠭᠠᠬᠤ ᠬᠡᠯᠪᠡᠷᠢ ᠪᠠᠷ᠂ ᠠᠵᠢᠯᠲᠠᠳ ᠠᠴᠠ ᠮᠠᠯᠴᠢᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠴᠢᠬᠤᠯᠠ ᠴᠢᠨᠠᠷ ᠢ ᠲᠠᠶᠢᠯᠪᠤᠷᠢᠯᠠᠨ᠂ ᠰᠦᠯᠵᠢᠶᠡᠨ ᠳᠡᠭᠡᠷᠡᠬᠢ ᠴᠤᠤᠷᠬᠠᠯ᠂ ᠬᠤᠪᠢ ᠶᠢᠨ ᠨᠢᠭᠤᠴᠠ ᠶᠢ ᠬᠠᠮᠠᠭᠠᠯᠠᠬᠤ᠂ ᠮᠡᠬᠡᠯᠡᠯ ᠢ ᠰᠡᠷᠭᠡᠶᠢᠯᠡᠬᠦ ᠵᠡᠷᠭᠡ ᠠᠭᠤᠯᠭ᠎ᠠ ᠶᠢ ᠲᠠᠶᠢᠯᠪᠤᠷᠢᠯᠠᠵᠤ ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠭᠠᠵᠢᠭᠤ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠰᠦᠯᠵᠢᠶᠡᠨ ᠤ ᠪᠣᠯᠪᠠᠰᠤᠨ ᠬᠡᠪ ᠰᠤᠷᠲᠠᠯ ᠢ ᠪᠠᠲᠠᠷᠠᠭᠤᠯᠪᠠ᠃      ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠦᠯᠤᠬᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾ ᠭᠤᠣᠯ ᠰᠡᠳᠦᠪᠲᠦ ᠤᠨ ᠲᠤᠭᠤᠷᠢᠨ ᠳᠤ᠂ ᠪᠠᠲᠠᠷᠠᠬᠤ ᠭᠠᠴᠠᠭᠠᠨ ᠤ ᠨᠠᠮ ᠤᠨ ᠡᠭᠦᠷ ᠤᠨ ᠱᠦᠵᠢ ᠭᠠᠩᠲᠠᠮᠤᠷ ᠠᠴᠠ ︽ᠰᠦᠯᠵᠢᠶᠡᠨ ᠤ ᠪᠣᠯᠪᠠᠰᠤᠨ ᠬᠥᠮᠥᠨ ᠪᠦᠬᠦᠨ ᠬᠠᠷᠢᠭᠤᠴᠠᠯᠭ᠎ᠠ ᠲᠠᠢ᠂ ᠪᠢᠳᠡ ᠬᠠᠮᠲᠤᠪᠠᠷ ᠬᠥᠳᠡᠯᠦᠯᠴᠡᠵᠦ᠂ ᠰᠦᠯᠵᠢᠶᠡᠨ ᠤ ᠪᠣᠯᠪᠠᠰᠤᠨ ᠤ ᠰᠢᠨ᠎ᠡ ᠰᠤᠷᠲᠠᠯ ᠢ ᠰᠠᠨᠠᠭᠠᠴᠢᠯᠠᠵᠤ᠂ ᠰᠦᠯᠵᠢᠶᠡᠨ ᠤ ᠣᠷᠴᠢᠨ ᠲᠣᠭᠤᠷᠢᠨ ᠢ  ᠴᠡᠪᠠᠷᠰᠢᠯᠠᠬᠦᠯᠤᠨ᠂ ︿ᠪᠣᠯᠪᠠᠰᠤᠨ ᠢᠶᠠᠷ ᠰᠦᠯᠵᠢᠶᠡᠨ ᠳᠤ ᠭᠠᠷᠬᠤ ᠬᠥᠮᠥᠨ﹀ ᠪᠣᠯᠬᠤ ᠪᠠᠷ ᠴᠢᠷᠮᠡᠶᠢᠶ᠎ᠠ︾ ᠭᠡᠵᠦ ᠴᠢᠬᠤᠯᠠᠴᠢᠯᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠭᠤᠣᠯ ᠰᠡᠳᠦᠪᠲᠦ ᠠᠵᠢᠯᠯᠠᠭ᠎ᠠ ᠳᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 150 ᠭᠠᠷᠤᠢ ᠬᠤᠪᠢ ᠲᠠᠷᠬᠠᠭᠠᠵᠤ᠂ 50 ᠭᠠᠷᠤᠢ ᠬᠥᠮᠥᠨ ᠤᠳᠠᠭ᠎ᠠ ᠳᠤ ᠤᠬᠠᠭᠤᠯᠤᠨ ᠲᠠᠶᠢᠯᠪᠤᠷᠢᠯᠠᠵᠤ᠂ ᠮᠠᠯᠴᠢᠨ ᠲᠦᠮᠡᠨ ᠤ ᠰᠦᠯᠵᠢᠶᠡᠨ ᠳᠡᠭᠡᠷᠡᠬᠢ ᠰᠠᠶᠢᠨ ᠰᠠᠶᠢᠬᠠᠨ ᠣᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ ᠢᠲᠡᠭᠡᠯ ᠵᠣᠷᠢᠭ ᠢ ᠬᠥᠭᠵᠢᠭᠡᠵᠦ᠂ ᠬᠥᠮᠥᠨ ᠪᠣᠯᠭᠠᠨ ᠰᠦᠯᠵᠢᠶᠡᠨ ᠤ ᠠᠮᠤᠷ ᠲᠦᠪᠰᠢᠨ ᠤ ᠪᠠᠲᠤ ᠰᠠᠬᠢᠭᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠡᠭᠡᠨ ᠲᠤᠩᠭᠠᠯᠠᠭ ᠰᠦᠯᠵᠢᠶᠡᠨ ᠤ ᠣᠷᠴᠢᠨ ᠲᠣᠭᠤᠷᠢᠨ ᠢ ᠪᠣᠶ ᠪᠤᠯᠭᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号