ᠭᠠᠬᠢᠯ ᠰᠤᠮᠤ ᠺᠠᠳ᠋ᠷ ᠠᠵᠢᠯᠲᠠᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/25
      9 ᠰᠠᠷ᠎ᠠ ᠶᠢᠨ19 ᠤ ᠡᠳᠤᠷ᠂ ᠵᠡᠭᠦᠨ ᠦᠵᠦᠮᠦᠴᠢᠨ ᠬᠤᠰᠢᠭᠤᠨ ᠤ ᠭᠠᠬᠢᠯ ᠰᠤᠮᠤ ᠺᠠᠳ᠋ᠷ ᠠᠵᠢᠯᠲᠠᠳ ‍ᠤᠨ‌‍ᠶᠡᠭᠡ ᠬᠤᠷᠠᠯ ᠬᠤᠷᠠᠯᠳᠤᠭᠤᠯᠵᠤ᠂ ᠭᠠᠬᠢᠯ ᠰᠤᠮᠤᠨ ᠤ ᠣᠳᠣᠷᠢᠳᠬᠤ ᠪᠠᠭ ᠤᠨ ᠭᠡᠰᠢᠭᠦᠨ ᠤ ᠲᠣᠰᠢᠶᠠᠯ ᠳᠤ ᠲᠣᠮᠢᠯᠠᠬᠤ ᠲᠣᠭᠲᠠᠭᠠᠯ ᠢ ᠨᠡᠶᠢᠲᠡᠯᠡᠪᠡ᠃ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠨᠠᠴᠢᠨ ᠨᠦᠬᠦᠷ ᠠᠴᠠ ᠬᠤᠷᠠᠯ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠱᠤ᠋ ᠭᠤᠸᠠᠩ ᠨᠥᠬᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ  ᠰᠡᠴᠡᠨᠪᠠᠭᠠᠲᠤᠷ ᠨᠥᠬᠦᠷ ᠬᠤᠷᠠᠯ ᠳᠤ ᠣᠷᠣᠯᠴᠠᠵᠤ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠳ᠂ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠰᠡᠴᠡᠨᠪᠠᠭᠠᠲᠤᠷ ᠨᠥᠬᠦᠷ ᠠᠴᠠ ᠬᠤᠰᠢᠭᠤ ᠨᠠᠮ ᠤᠨ ᠬᠤᠷᠢᠶᠠᠨ ᠤ ᠭᠠᠬᠢᠯ ᠰᠤᠮᠤᠨ ᠤ ᠤᠳᠤᠷᠢᠳᠬᠤ ᠪᠠᠭ ᠤᠨ ᠭᠡᠰᠢᠭᠦᠨ ᠤ ᠲᠣᠰᠢᠶᠠᠯ ᠳᠤ ᠲᠣᠮᠢᠯᠠᠬᠤ ᠲᠣᠭᠲᠠᠭᠠᠯ ᠢ ᠤᠩᠰᠢᠨ ᠨᠡᠶᠢᠲᠡᠯᠡᠭᠰᠡᠨ ᠪᠦᠭᠡᠳ ᠰᠢᠨ᠎ᠡ ᠪᠠᠷ ᠲᠤᠰᠢᠶᠠᠯ ᠡᠭᠦᠷᠭᠡᠯᠡᠭᠰᠡᠨ ᠬᠦᠮᠦᠰ ᠤᠨ ᠦᠨᠳᠦᠰᠦᠨ ᠪᠠᠶᠢᠳᠠᠯ᠂ ᠠᠵᠢᠯ ᠤᠨ ᠥᠩᠭᠡᠷᠡᠯᠲᠡ ᠪᠠ ᠲᠣᠪᠣᠶᠢᠮ᠎ᠠ ᠠᠮᠵᠢᠯᠲᠠ ᠪᠦᠲᠦᠮᠵᠢ ᠶᠢ ᠲᠠᠨᠢᠯᠴᠠᠭᠤᠯᠪᠠ᠃      ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠱᠤ᠋ ᠭᠤᠸᠠᠩ ᠨᠥᠬᠦᠷ ᠴᠢᠬᠤᠯᠠᠴᠢᠯᠠᠬᠤ ᠳᠠᠭᠠᠨ᠂ ᠪᠥᠬᠦ ᠺᠠᠳ᠋ᠷ ᠠᠵᠢᠯᠲᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭᠠᠨ ᠤ ᠬᠠᠮᠲᠣ ᠶᠢᠨ ᠲᠠᠨᠢᠯᠲᠠ ᠪᠠᠨ ᠨᠢᠭᠲᠠᠷᠠᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠦᠨᠡᠨᠬᠦ ᠬᠤᠰᠢᠭᠤ ᠨᠠᠮ ᠤᠨ ᠬᠤᠷᠢᠶᠠᠨ ᠤ ᠲᠣᠭᠲᠠᠭᠠᠯ  ᠳᠡᠭᠡᠷ᠎ᠡ ᠨᠢᠭᠡᠳᠬᠡᠬᠦ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯᠳᠠᠯᠭᠠᠲᠣ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠣ᠂ ᠠᠵᠢᠯ ᠤᠨ ᠰᠡᠳᠬᠢᠴᠡ ᠶᠢ ᠤᠨᠤᠪᠴᠢᠲᠠᠢ ᠡᠵᠡᠮᠳᠡᠬᠦ ᠬᠡᠷᠡᠭᠲᠡᠢ︔ ᠰᠠᠬᠢᠯᠭ᠎ᠠ ᠪᠠᠲᠤ ᠲᠣᠭᠲᠠᠭᠠᠯ ᠢ ᠴᠢᠩᠭ᠎ᠠ ᠰᠠᠬᠢᠨ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠪᠠᠭ ᠢᠶᠠᠨ ᠰᠠᠶᠢᠲᠤᠷ ᠠᠳᠬᠤᠵᠤ᠂ ᠡᠩᠨᠡᠭᠡ ᠪᠠᠨ ᠰᠠᠶᠢᠲᠤᠷ ᠳᠠᠭᠠᠭᠤᠯᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠡᠷ‌‍ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠦ ᠷᠦᠢ ᠶᠢᠩ᠂ ᠵᠠᠩ ᡁᠢ ᠵᠢᠤᠸᠠᠨ᠂ ᠠᠯᠲᠠᠨᠵᠤᠯᠠ ᠵᠡᠷᠭᠡ ᠨᠥᠬᠦᠷ ᠲᠣᠰ ᠲᠣᠰ ᠲᠤᠰᠢᠶᠠᠯ  ᠳᠤ ᠭᠠᠷᠬᠤ ᠶᠠᠷᠢᠶ᠎ᠠ ᠲᠠᠯᠪᠢᠵᠤ᠂ ᠵᠣᠬᠢᠶᠠᠨ ᠪᠠᠶᠢᠭᠤᠯᠤᠯᠲᠠ ᠶᠢᠨ ᠵᠥᠪᠰᠢᠶᠡᠷᠡᠯ ᠪᠠ ᠢᠲᠡᠭᠡᠯ ᠳᠤ ᠲᠠᠯᠠᠷᠬᠠᠵᠤ ᠪᠠᠶᠢᠭ᠎ᠠ‌‍ᠪᠠᠨ ᠢᠯᠡᠳᠬᠡᠬᠦ ᠶᠢᠨ ᠬᠠᠮᠲᠤ ᠠᠯᠢ ᠲᠦᠷᠭᠡᠨ ᠢᠶᠠᠷ  ᠰᠢᠨ᠎ᠡ ᠠᠵᠢᠯ ᠤᠨ ᠤᠷᠴᠢᠨ ᠳᠠᠭᠠᠨ ᠠᠭᠤᠰᠤᠯᠴᠠᠵᠤ᠂ ᠠᠵᠢᠯ ᠤᠨ ᠵᠣᠭᠰᠣᠴᠠ ᠪᠠᠨ ᠳᠡᠭᠡᠭᠰᠢᠯᠡᠭᠦᠯᠦᠨ᠂ ᠠᠵᠢᠯᠴᠢ ᠬᠢᠴᠢᠶᠡᠩᠭᠦᠢ ᠪᠠᠷ ᠵᠠᠰᠠᠭ  ᠪᠠᠷᠢᠨ ᠪᠣᠳᠠᠲᠠᠢ ᠶᠢ ᠡᠷᠬᠢᠮᠯᠡᠵᠤ᠂ ᠬᠠᠮᠲᠤ ᠠᠵᠢᠯᠯᠠᠭᠰᠠᠳ ᠲᠠᠢ ᠪᠠᠨ ᠪᠦᠯᠬᠦᠮᠳᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ  ᠡᠭᠦᠷᠭᠡᠯᠡᠨ᠂ ᠪᠥᠬᠦ ᠰᠤᠮᠤᠨ ᠤ ᠬᠥᠭᠵᠢᠯᠲᠡ ᠶᠢ ᠠᠬᠢᠭᠤᠯᠬᠤ ᠳᠤ ᠡᠭᠦᠷᠭᠡ ᠬᠠᠷᠢᠭᠤᠴᠠᠯᠭ᠎ᠠ ᠪᠠᠨ ᠪᠠᠲᠤ ᠰᠠᠶᠢᠨ ᠭᠦᠢᠴᠡᠳᠬᠡᠨ᠎ᠡ ᠭᠡᠵᠤ ᠢᠯᠡᠳᠬᠡᠭᠰᠡᠨ ᠪᠠᠶᠢᠨ᠎ᠠ᠃      ᠰᠡᠴᠡᠨᠳᠤ ᠨᠦᠬᠦᠷ᠂ ᠬᠦᠰᠡᠯᠡᠩ‌ᠨᠥ᠋ᠬᠦᠷ ᠲᠣᠰ ᠲᠣᠰ ᠲᠤᠰᠢᠶᠠᠯ ᠠᠴᠠ ᠪᠠᠨ ᠰᠢᠯᠵᠢᠭᠰᠡᠨ ᠲᠥᠷᠥᠭᠳᠡᠯ ᠢᠶᠠᠨ ᠬᠤᠪᠢᠶᠠᠯᠴᠠᠵᠤ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠡᠷᠡᠰ ᠳᠠᠭᠠᠵᠤ᠂ ᠵᠣᠬᠢᠶᠠᠨ ᠪᠠᠶᠢᠭᠤᠯᠤᠯᠲᠠ  ᠶᠢᠨ ᠢᠲᠡᠭᠡᠯ ᠪᠣᠯᠣᠨ ᠬᠥᠮᠥᠵᠢᠭᠦᠯᠦᠯ  ᠵᠢᠴᠢ ᠭᠠᠬᠢᠯ ᠰᠤᠮᠤᠨ ᠤ ᠺᠠᠳ᠋ᠷ ᠠᠵᠢᠯᠲᠠᠳ ᠤᠨ ᠤᠷᠳᠤ ᠬᠤᠭᠤᠴᠠᠭᠠᠨ ᠤ ᠲᠤᠷᠰᠢᠬᠢ ᠬᠠᠪᠰᠤᠷᠤᠯᠭ᠎ᠠ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ  ᠪᠠᠶᠢᠭ᠎ᠠ ᠪᠠᠨ ᠢᠯᠡᠳᠬᠡᠪᠡ᠃      ᠨᠠᠴᠢᠨ ᠨᠥᠬᠦᠷ ᠠᠴᠠ ᠳ᠋ᠦᠩᠨᠡᠯᠲᠡ ᠶᠢᠨ ᠶᠠᠷᠢᠶᠠᠨ ᠳᠠᠭᠠᠨ᠂ ᠬᠤᠰᠢᠭᠤ ᠨᠠᠮ ᠤᠨ ᠬᠤᠷᠢᠶᠠᠨ ᠤ ᠭᠠᠬᠢᠯ ᠰᠤᠮᠤᠨ ᠤ ᠠᠵᠢᠯᠲᠠᠳ ᠤᠨ ᠲᠣᠬᠢᠷᠠᠭᠤᠯᠤᠯᠲᠠ ᠶᠢᠨ ᠲᠤᠬᠠᠢ ᠲᠣᠭᠲᠠᠭᠠᠯ ᠢ ᠡᠷᠡᠰ ᠬᠦᠷᠢᠶᠡᠯᠡᠨ ᠳᠠᠭᠠᠵᠤ᠂ ᠠᠵᠢᠯ ᠠᠴᠠ ᠪᠠᠨ ᠰᠢᠯᠵᠢᠭᠰᠡᠨ ᠨᠦᠬᠦᠳ ᠨᠠᠷ ᠤᠨ ᠭᠠᠬᠢᠯ ᠰᠤᠮᠤᠨ ᠤ ᠬᠥᠭᠵᠢᠯᠲᠡ ᠶᠢ ᠦᠷᠭᠦᠯᠵᠢᠯᠡᠨ ᠲᠡᠮᠵᠢᠨ ᠠᠩᠬᠠᠷᠬᠤ ᠶᠢ  ᠬᠦᠰᠡᠭᠰᠡᠨ ᠪᠦᠭᠡᠳ ᠰᠢᠨ᠎ᠡ ᠪᠠᠷ ᠲᠤᠰᠢᠶᠠᠯ ᠳᠤ ᠭᠠᠷᠤᠭᠰᠠᠨ ᠨᠥᠬᠦᠳ ᠤᠨ ᠠᠵᠢᠯ ᠢᠶᠠᠨ ᠰᠠᠶᠢᠲᠤᠷ ᠬᠢᠵᠦ᠂ ᠦᠯᠢᠭᠡᠷ ᠳᠠᠭᠤᠷᠢᠶᠠᠯ ᠪᠣᠯᠵᠤ᠂ ᠰᠡᠳᠬᠢᠯ ᠨᠢᠭᠡᠳᠦᠨ ᠬᠦᠴᠦ ᠪᠠᠨ ᠬᠠᠮᠳᠣᠳᠬᠠᠨ ᠭᠠᠬᠢᠯ ᠰᠤᠮᠤᠨ ᠤ ᠡᠯ᠎ᠡ ᠵᠦᠢᠯ ᠤᠨ ᠦᠢᠯᠡᠰ ᠢ ᠲᠠᠬᠢᠨ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠠᠮᠵᠢᠯᠲᠠ ᠪᠦᠲᠦᠮᠵᠢ ᠣᠯᠬᠤ  ᠳᠤ ᠬᠦᠴᠦᠨ ᠨᠡᠮᠡᠷᠢᠯᠡᠬᠦ ᠶᠢ ᠬᠦᠰᠡᠭᠰᠡᠨ ᠪᠠᠶᠢᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号