ᠮᠠᠨᠳᠤᠬᠤᠪᠤᠯᠠᠭ ᠪᠠᠯᠭᠠᠰᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/25
      ᠣᠶᠢᠷ᠎ᠠ ᠳᠤ᠂ ᠮᠠᠨᠳᠤᠬᠤᠪᠤᠯᠠᠭ ᠪᠠᠯᠭᠠᠰᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠺᠠᠳ᠋ᠷ ᠠᠵᠢᠯᠲᠠᠨ ᠵᠢᠴᠢ ᠭᠠᠴᠠᠭ᠎ᠠ ︵ᠨᠡᠶᠢᠭᠡᠮ ᠲᠣᠭᠤᠷᠢᠭ︶ ᠶᠢᠨ ᠬᠤᠶᠠᠷ ᠵᠥᠪᠯᠡᠯ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ 2023 ᠣᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠵᠣᠷᠢᠭ ᠰᠠᠨᠠᠭ᠎ᠠ ᠵᠢᠴᠢ ᠪᠥᠬᠦ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠡᠯ᠎ᠡ ᠲᠥᠷᠥᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠤᠯᠠᠮᠵᠢᠯᠠᠨ ᠰᠤᠷᠤᠯᠴᠠᠭᠰᠠᠨ ᠪᠥᠭᠡᠳ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠡᠨᠡ ᠬᠤᠭᠤᠴᠠᠭᠠᠨ ᠳᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠪᠢᠯᠢᠭᠲᠦ ᠨᠥᠬᠦᠷ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠢ ᠪᠦᠷᠢᠳᠬᠡᠨ ᠪᠠᠶᠢᠴᠠᠭᠠᠬᠤ ᠠᠵᠢᠯ ᠳᠤ ᠭᠤᠣᠯᠳᠠᠯᠭ᠎ᠠ ᠲᠠᠢ ᠪᠠᠶᠢᠷᠢᠯᠠᠭᠤᠯᠤᠯᠲᠠ ᠬᠢᠪᠡ᠃ ᠪᠦᠬᠦ ᠺᠠᠳ᠋ᠷ ᠠᠵᠢᠯᠲᠠᠨ ᠳᠠᠭᠠᠭᠠᠴᠢᠯᠠᠭᠰᠠᠨ ᠮᠠᠯᠴᠢᠨ ᠡᠷᠦᠬᠡ ᠳᠤ ᠭᠦᠨᠵᠡᠭᠡᠶᠢᠷᠡᠨ ᠬᠥᠯᠥᠰᠦᠨ ᠠᠵᠢᠯᠴᠢᠨ ᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠪᠦᠷᠢᠳᠬᠡᠨ ᠬᠠᠷᠭᠤᠭᠤᠯᠬᠤ ᠶᠢ ᠱᠠᠭᠠᠷᠳᠠᠨ᠂ ︽ᠭᠤᠷᠪᠠᠨ ᠪᠤᠰᠤ︾ ᠭᠠᠳᠠᠭᠠᠳᠤ ᠶᠢᠨ ᠬᠥᠮᠦᠰ ᠲᠤ ᠪᠠᠶᠢᠩᠭᠤ ᠶᠢᠨ ᠪᠠᠶᠢᠴᠠᠭᠠᠯᠲᠠ ᠬᠢᠵᠦ᠂ ᠭᠠᠳᠠᠭᠠᠳᠤ ᠶᠢᠨ ᠬᠥᠮᠥᠨ ᠤ ᠬᠠᠷᠢᠶ᠎ᠠ ᠣᠷᠣᠨ ᠳᠤ ᠬᠠᠤᠯᠢ ᠪᠤᠰᠤ ᠪᠠᠷ ᠠᠵᠢᠯ ᠬᠢᠬᠦ᠂ ᠬᠠᠤᠯᠢ ᠪᠤᠰᠤ ᠪᠠᠷ ᠣᠷᠣᠰᠢᠨ ᠰᠠᠭᠤᠬᠤ ᠦᠵᠡᠭᠳᠡᠯ ᠡᠭᠦᠰᠬᠦ ᠪᠠ ᠬᠠᠤᠯᠢ ᠪᠤᠰᠤ ᠡᠲᠡᠭᠡᠳ ᠤᠨ ᠬᠢᠯᠢ ᠠᠯᠤᠰᠯᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠵᠤᠬᠢᠶᠠᠨ ᠪᠠᠶᠢᠭᠤᠯᠬᠤ ᠵᠡᠷᠭᠡ ᠪᠤᠰᠤᠳ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠥᠷᠨᠢᠭᠦᠯᠬᠦ ᠶᠢ ᠡᠷᠡᠰ ᠰᠡᠷᠭᠡᠶᠢᠯᠡᠵᠦ᠂ ᠪᠥᠬᠦ ᠪᠠᠯᠭᠠᠰᠤᠨ ᠳᠤ ᠰᠠᠶᠢᠨ ᠰᠠᠶᠢᠬᠠᠨ ᠠᠵᠢᠯᠴᠢᠨ ᠬᠥᠯᠦᠰᠦᠯᠡᠬᠦ ᠣᠷᠴᠢᠨ ᠲᠣᠭᠤᠷᠢᠨ ᠪᠠ ᠭᠠᠳᠠᠭᠠᠳᠤ ᠳᠤ ᠬᠤᠯᠪᠣᠭᠳᠠᠬᠤ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠡᠷᠡᠰ ᠭᠤᠶᠢᠪᠢᠰᠢ ᠦᠭᠡᠢ ᠪᠠᠷ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠨ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠠᠷᠢᠯᠭᠠᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠵᠦᠢᠯ ᠤᠨ ᠵᠥᠷᠢᠴᠡᠯ ᠵᠠᠭᠤᠷᠠᠯᠳᠤᠭᠠᠨ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠰᠠᠭᠤᠷᠢ ᠠᠵᠢᠯ ᠤᠨ ᠪᠠᠶᠢᠭᠤᠯᠤᠯᠲᠠ ᠵᠡᠷᠭᠡ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠂ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠭᠦᠢᠴᠡᠳᠬᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号