ᠵᠡᠭᠦᠨ ᠦᠵᠦᠮᠦᠴᠢᠨ ᠬᠤᠰᠢᠭᠤ ᠨᠠᠮᠤᠷ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/26
      ᠪᠦᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠶᠢᠨ ᠲᠥᠯᠥᠭᠡ᠂ 9 ᠰᠠᠷ᠎ᠠ ᠶᠢᠨ15 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠶᠯᠡᠴᠢᠯᠡᠭᠡᠨ ᠤ ᠲᠥᠪ᠂ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠶ ᠣᠷᠴᠢᠨ ᠲᠣᠭᠤᠷᠢᠨ ᠢᠳᠡᠭᠡᠨ ᠡᠮ ᠤᠨ ᠵᠦᠶᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠶᠡᠷᠦᠩᠬᠡᠶ ᠡᠭᠦᠷ ᠬᠠᠮᠲᠦᠷᠠᠨ ᠬᠤᠰᠢᠭᠤᠨ ᠲᠦᠪ ᠤᠨ ᠭᠤᠤᠯ ᠪᠣᠯᠬᠤ ᠵᠡᠭᠡᠯᠢ ᠭᠤᠳᠤᠮᠵᠢ᠂ ᠠᠭᠤᠳᠠᠮ ᠲᠠᠯᠠᠪᠠᠶ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠣᠮᠣ ᠬᠡᠯᠪᠡᠷᠢ ᠶᠢᠨ ᠲᠡᠷᠭᠡ ᠵᠣᠭᠰᠣᠬᠤ ᠲᠠᠯᠠᠪᠠᠶ ᠳᠤ ᠭᠦᠨᠵᠡᠭᠡᠶᠢᠷᠡᠨ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ  ᠃      ᠠᠵᠢᠯᠯᠠᠭ᠎ᠠ ᠳᠤᠮᠳᠠ᠂ ᠡᠯ᠎ᠡ ᠰᠠᠯᠠᠭ᠎ᠠ ᠮᠥᠴᠢᠷ ᠤᠨ ᠣᠨᠴᠠ ᠲᠥᠷᠥᠯ ᠤᠨ ᠲᠡᠷᠭᠡ ᠬᠥᠰᠬᠡ ᠪᠠᠷ ᠪᠦᠷᠢᠯᠳᠦᠭᠰᠡᠨ ᠲᠣᠭᠤᠷᠢᠨ ᠤᠬᠠᠭᠤᠯᠬᠤ ᠲᠡᠷᠭᠡᠨ ᠠᠩᠭᠢ ᠨᠢ ᠷᠠᠳᠢᠣ᠋ ᠨᠡᠪᠲᠡᠷᠡᠭᠦᠯᠭᠡ ᠶᠢ ᠠᠰᠢᠭᠯᠠᠨ  ︿︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ﹀﹀ ᠂ ︿︿ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ﹀﹀ ᠶᠢ ᠡᠭᠡᠯᠵᠢᠯᠡᠨ ᠨᠡᠪᠲᠡᠷᠡᠭᠦᠯᠬᠦ ᠶᠢᠨ ᠬᠠᠮᠲᠤ᠂ ᠲᠤᠬᠠᠶ ᠶᠢᠨ ᠭᠠᠵᠠᠷ ᠲᠤᠨᠢ ᠲᠠᠶᠢᠯᠪᠤᠷᠢᠯᠠᠬᠤ᠂ ᠪᠣᠳᠠᠲᠠᠶ ᠬᠡᠷᠡᠭ ᠤᠨ ᠵᠢᠱᠢᠶ᠎ᠡ ᠶᠢ ᠡᠰᠢᠯᠡᠬᠦ᠂ ᠤᠬᠠᠭᠤᠯᠭ᠎ᠠ  ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠠᠴᠢ ᠬᠤᠯᠪᠣᠭᠳᠠᠯ ᠵᠢᠴᠢ ᠣᠶ ᠰᠢᠭᠤᠶ ᠨᠤᠲᠤᠭ ᠪᠡᠯᠴᠢᠭᠡᠷ  ᠤᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ᠂ ᠬᠤᠤᠷ ᠬᠥᠨᠥᠭᠡᠯ᠂ ᠭᠠᠯ ᠤᠨᠲᠠᠷᠠᠭᠠᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ ᠨᠠᠷᠢᠨ ᠲᠠᠶᠢᠯᠪᠤᠷᠢᠯᠠᠵᠤ ᠥᠭᠪᠡ᠃ ᠡᠭᠦᠨ ᠤ ᠬᠠᠮᠲᠦ᠂ ᠥᠷᠭᠡᠨ ᠣᠯᠠᠨ ᠰᠠᠭᠤᠭᠠᠯᠢ ᠠᠷᠠᠳ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠭᠠᠯ ᠬᠡᠷᠡᠭᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢ ᠤᠷᠢᠶᠠᠯᠠᠪᠠ  ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠮᠦᠨ ᠪᠦᠬᠦᠨ ᠭᠠᠯ ᠢ ᠰᠡᠷᠭᠡᠶᠢᠯᠡᠬᠦ ᠳᠤ ᠣᠷᠣᠯᠴᠠᠬᠤ᠂ ᠬᠥᠮᠦᠨ ᠪᠦᠬᠦᠨ ᠭᠠᠯ ᠢ ᠰᠡᠷᠭᠡᠶᠢᠯᠡᠬᠦ  ᠶᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ︿︿ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠮᠥᠨ﹀﹀ ᠭᠡᠬᠦ ᠵᠣᠷᠢᠯᠲᠠ ᠶᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠠᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号