ᠤᠯᠤᠰ ᠲᠥᠷᠥ ᠪᠠᠷ ᠵᠥᠪᠯᠡᠬᠦ ᠶᠢ ᠦᠨᠳᠦᠰᠦᠨ ᠱᠠᠲᠤ ᠲᠡᠶᠢᠰᠢ ᠦᠷᠭᠦᠯᠵᠢᠯᠡᠭᠦᠯᠬᠦ ᠶᠢ ᠲᠦᠯᠬᠢᠨ | ᠠᠬᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠷᠭ᠎ᠠ | ᠵᠠᠮ ᠢ ᠤᠯᠠᠮ ᠨᠢᠭᠡ ᠠᠯᠬᠤᠮ ᠥᠷᠭᠡᠳᠬᠡᠨ᠂ ᠭᠡᠰᠢᠭᠦᠳ ᠤᠨ ᠪᠡᠶᠡᠴᠢ ᠴᠣᠭᠴᠠ ᠶᠢᠨ ᠦᠢᠯᠡᠳᠦᠯ ᠢ ᠨᠠᠩ ᠰᠠᠶᠢᠲᠤᠷ | ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ 14 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ | ᠭᠠᠬᠢᠯ ᠰᠤᠮᠤᠨ ᠳᠤ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠷᠦᠭᠡ︾ ᠶᠢᠨ ᠫᠠᠶᠢᠰᠠ ᠰᠡᠬᠦᠬᠦ | ᠶᠣᠰᠣᠯᠠᠯ ᠶᠠᠪᠤᠭᠤᠯᠪᠠ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠦᠮᠦ᠋ᠩᠬᠡ ᠪᠣᠯᠣᠨ ᠬᠤᠰᠢᠭᠤ ᠤᠯᠤᠰ | ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠭᠦᠨ᠂ ᠭᠠᠬᠢᠯ ᠰᠤᠮᠤᠨ ᠤ ᠨᠠᠮ ᠵᠠᠰᠠᠭ ᠤᠨ | ᠤᠳᠤᠷᠢᠳᠬᠤ ᠪᠠᠭ ᠤᠨ ᠪᠦᠷᠢᠯᠳᠦᠭᠦᠨ ᠵᠢᠴᠢ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠷᠦᠭᠡ︾ | ᠶᠢᠨ ᠭᠡᠰᠢᠭᠦᠨ ᠨᠡᠶᠢᠲᠡ ᠬᠤᠷᠢ ᠭᠠᠷᠤᠢ ᠬᠥᠮᠥᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠠᠢ᠃ | ᠶᠣᠰᠤᠯᠠᠯ ᠤᠨ ᠡᠮᠦᠨ᠎ᠡ᠂ ᠭᠠᠬᠢᠯ ᠰᠤᠮᠤᠨ ᠤ ᠡᠷᠢᠶᠡᠨᠭᠤᠪᠢ ᠭᠠᠴᠠᠭᠠᠨ ᠤ ᠰᠡᠴᠡᠨᠪᠠᠭᠠᠲᠤᠷ ᠤᠨ ᠭᠡᠷ | ᠪᠦᠯᠢ ᠶᠢᠨ ᠮᠠᠯᠵᠢᠯ ᠤᠨ ᠲᠠᠯᠠᠪᠠᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠬᠠᠮᠢᠶ᠎ᠠ ᠪᠦᠬᠦᠢ ᠪᠠᠶᠢᠳᠠᠯ ᠢ | ᠣᠶᠢᠯᠠᠭᠠᠵᠠᠢ᠃ | ᠶᠣᠰᠣᠯᠠᠯ ᠳᠡᠭᠡᠷ᠎ᠡ᠂ ᠪᠠᠲᠦᠮᠦ᠋ᠩᠬᠡ ᠪᠣᠯᠣᠨ ᠭᠠᠬᠢᠯ ᠰᠤᠮᠤᠨ ᠤ ᠨᠠᠮ ᠤᠨ ᠬᠤᠷᠢᠶᠠᠨ ᠤ ᠱᠦᠵᠢ ᠬᠠᠮᠲᠤ ᠪᠠᠷ | ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠷᠦᠭᠡ︾ ᠶᠢᠨ ᠫᠠᠶᠢᠰᠠ ᠶᠢ ᠰᠡᠬᠦᠵᠡᠢ᠃ | ᠪᠠᠲᠦᠮᠦ᠋ᠩᠬᠡ ᠵᠢᠭᠠᠬᠤ ᠳᠠᠭᠠᠨ᠂ ᠭᠠᠬᠢᠯ ᠰᠤᠮᠤᠨ ᠤ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠦᠷᠦᠭᠡ︾ ᠪᠠᠶᠢᠭᠤᠯᠤᠭᠳᠠᠭᠰᠠᠨ ᠶᠠᠪᠤᠳᠠᠯ ᠪᠣᠯ ᠤᠯᠤᠰ ᠲᠥᠷᠥ ᠶᠢᠨ ᠵᠥᠪᠯᠡᠯᠭᠡᠨ ᠤ ᠤᠯᠤᠰ ᠲᠥᠷᠥ ᠪᠠᠷ ᠵᠥᠪᠯᠡᠬᠦ | ᠶᠢ ᠦᠨᠳᠦᠰᠦᠨ ᠱᠠᠲᠤᠨ ᠳᠤ ᠦᠷᠭᠦᠯᠵᠢᠯᠡᠭᠦᠯᠬᠦ ᠶᠢ ᠲᠦᠯᠬᠢᠨ ᠠᠬᠢᠭᠤᠯᠤᠭᠰᠠᠨ ᠤ ᠪᠠᠰᠠ ᠨᠢᠭᠡᠨ ᠭᠡᠷᠡᠴᠢ ᠪᠣᠯᠣᠨ᠎ᠠ | ᠭᠡᠰᠡᠨ ᠤ ᠬᠠᠮᠲᠦ ᠭᠠᠬᠢᠯ ᠰᠤᠮᠤᠨ ᠤ ᠬᠢᠨ ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠦᠷᠦᠭᠡ︾ ᠪᠠᠷ | ᠳᠠᠮᠵᠢᠭᠤᠯᠤᠨ ᠦᠨᠳᠦᠰᠦᠨ ᠱᠠᠲᠤᠨ ᠤ ᠰᠤᠷᠤᠯᠴᠠᠯᠭ᠎ᠠ ᠰᠣᠯᠢᠯᠴᠠᠭ᠎ᠠ ᠶᠢᠨ ᠰᠢᠨ᠎ᠡ ᠰᠠᠭᠤᠷᠢᠨ ᠭᠠᠵᠠᠷ᠂ ᠵᠠᠰᠠᠭ ᠤᠨ | ᠶᠠᠪᠤᠳᠠᠯ ᠢ ᠵᠥᠪᠯᠡᠬᠦ ᠰᠢᠨ᠎ᠡ ᠲᠠᠪᠴᠠᠩ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠠᠷᠭ᠎ᠠ ᠵᠠᠮ ᠪᠣᠯᠣᠨ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠰᠢᠨ᠎ᠡ ᠣᠷᠣᠨ ᠵᠠᠢ ᠶᠢ ᠰᠠᠶᠢᠲᠤᠷ ᠪᠠᠶᠢᠭᠤᠯᠵᠤ᠂ ᠪᠦᠬᠦ ᠬᠤᠰᠢᠭᠤᠨ ᠤ | ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠤᠨ ᠦᠨᠳᠦᠰᠦᠨ ᠱᠠᠲᠤᠨ ᠳᠤ ᠤᠯᠤᠰ ᠲᠦᠷᠦ ᠪᠠᠷ ᠵᠥᠪᠡᠯᠬᠦ ᠳᠤ | ᠬᠥᠲᠥᠯᠥᠨ ᠳᠠᠭᠠᠭᠤᠯᠵᠤ᠂ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ |