ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠢᠰᠦᠳᠦᠭᠡᠷ ᠣᠳᠠᠭᠠᠨ ᠤ ᠬᠤᠷᠯᠠᠳᠣᠭᠠᠨ ᠬᠤᠷᠠᠯᠳᠤᠪᠠ
ᠨᠡᠶᠢᠲᠡᠯᠡᠭᠰᠡᠨ ᠴᠠᠭ᠄
2023/9/26
      9 ᠰᠠᠷ᠎ᠠ ᠶᠢᠨ 16 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠢᠰᠦᠳᠦᠭᠡᠷ ᠣᠳᠠᠭᠠᠨ ᠤ ᠬᠤᠷᠯᠠᠳᠣᠭᠠᠨ ᠢ ᠡᠷᠭᠢᠯᠡᠨ ᠬᠤᠷᠠᠯᠳᠣᠭᠤᠯᠪᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠳᠡᠳ᠋ ᠬᠤᠰᠢᠭᠤ ᠳᠠᠷᠤᠭ᠎ᠠ ᠴᠠᠩ ᠵᠧᠩ ᠪᠣᠯᠣᠨ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠳᠡᠳ᠋ ᠬᠤᠰᠢᠭᠤ ᠳᠠᠷᠤᠭ᠎ᠠ ᠴᠠᠩ ᠵᠧᠩ ᠤᠨ ᠬᠢᠭᠰᠡᠨ ︽ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ ᠬᠤᠰᠢᠭᠤᠨ ᠤ ᠲᠣᠰ ᠱᠠᠲᠤᠨ ᠤ ᠲᠥᠰᠥᠪ ᠤᠨ ᠭᠦᠢᠴᠡᠳᠬᠡᠯ ᠤᠨ ᠲᠥᠰᠥᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃ ᠬᠤᠷᠠᠯ ᠠᠴᠠ ᠵᠢᠭᠠᠭᠰᠠᠨ ᠨᠢ᠂ 2022 ᠣᠨ ᠳᠤ ᠬᠤᠰᠢᠭᠤ ᠵᠠᠰᠠᠭ ᠤᠨ ᠣᠷᠳᠣᠨ ᠪᠣᠯᠣᠨ ᠡᠳ᠋ ᠤᠨ ᠵᠠᠰᠠᠭ ᠤᠨ ᠰᠠᠯᠠᠭ᠎ᠠ ᠮᠥᠴᠢᠷ ᠢᠳᠡᠪᠬᠢᠲᠡᠢ ᠡᠳ᠋ ᠤᠨ ᠵᠠᠰᠠᠭ ᠤᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠦᠨᠳᠦ ᠬᠦᠩᠭᠡᠨ ᠠᠯᠭᠤᠷ ᠪᠠᠴᠢᠮ︾ ᠵᠠᠷᠤᠯᠭ᠎ᠠ ᠶᠢᠨ ᠵᠠᠷᠴᠢᠮ ᠢ ᠡᠵᠡᠮᠰᠢᠵᠦ᠂ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠭᠤᠣᠯᠳᠠᠯᠭ᠎ᠠ ᠲᠠᠢ ᠬᠦᠷᠢᠶᠡᠨ ᠤ ᠵᠠᠷᠤᠯᠭ᠎ᠠ ᠶᠢᠨ ᠬᠡᠷᠡᠭᠴᠡᠭᠡ ᠶᠢ ᠦᠨᠳᠦᠰᠦᠨ ᠳᠡᠭᠡᠨ ᠪᠠᠲᠤᠯᠠᠵᠤ᠂ ᠪᠦᠭᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠲᠠᠪᠰᠢᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ ᠭᠡᠵᠡᠢ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠰᠥᠪ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠢ ᠭᠦᠢᠴᠡᠳᠬᠡᠬᠦ ᠶᠢ ᠬᠢᠨᠠᠨ ᠡᠵᠡᠮᠳᠡᠬᠦ ᠪᠠ ᠲᠥᠰᠦᠪ ᠲᠤ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠲᠤᠰᠢᠶᠠᠬᠤ ᠠᠵᠢᠯ ᠢ ᠴᠢᠩᠭᠠᠳᠬᠠᠵᠤ᠂ ︿︿ᠭᠤᠷᠪᠠ ᠶᠢ ᠪᠠᠲᠤᠯᠠᠬᠤ﹀﹀ ᠲᠥᠷᠦ ᠶᠢᠨ ᠪᠣᠳᠣᠯᠭ᠎ᠠ ᠪᠠ ︿︿ᠭᠠᠮᠨᠠᠵᠤ ᠠᠮᠢᠳᠤᠷᠠᠬᠤ﹀﹀ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠵᠦᠢ ᠵᠣᠬᠢᠰᠲᠠᠢ ᠬᠥᠮᠥᠷᠭᠡ ᠶᠢᠨ ᠬᠠᠳᠠᠭᠠᠯᠠᠯᠲᠠ ᠶᠢᠨ ᠬᠡᠪᠴᠢᠶ᠎ᠡ ᠶᠢ ᠪᠠᠲᠤᠯᠠᠵᠤ᠂ ᠡᠳ᠋ ᠤᠨ ᠵᠠᠰᠠᠭ ᠤᠨ ᠡᠷᠭᠢᠯᠲᠡ ᠶᠢᠨ ᠲᠦᠭᠰᠢᠭᠦᠷᠢ  ᠶᠢ ᠠᠯᠢ ᠴᠢᠳᠠᠬᠤ ᠪᠠᠷ ᠠᠷᠢᠯᠭᠠᠬᠤ ᠬᠡᠷᠡᠭᠲᠠᠢ ᠭᠡᠵᠡᠢ  ᠃      ᠬᠤᠷᠠᠯ ᠠᠴᠠ ᠪᠠᠰᠠ ︿︿2022 ᠣᠨ ᠤ ᠬᠤᠰᠢᠭᠤᠨ ᠤ ᠲᠣᠰ ᠱᠠᠲᠤᠨ ᠤ ᠲᠥᠰᠦᠪ ᠢ ᠭᠦᠶᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠭᠰᠠᠨ ᠠᠵᠢᠯ ᠵᠢᠴᠢ 2022 ᠣᠨ ᠤ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠤᠰᠢᠭᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ﹀﹀᠂ ︿︿2023 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠶᠴᠡᠳᠬᠡᠭᠰᠡᠨ ᠪᠠᠶᠢᠳᠠᠯ ᠤᠨ ᠲᠤᠬᠠᠶ ᠬᠤᠰᠢᠭᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ﹀﹀᠂ ︿︿2023 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ ᠤᠨ ᠲᠤᠬᠠᠶ ᠬᠤᠰᠢᠭᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ﹀﹀᠂ ︿︿2023 ᠣᠨ ᠤ ᠲᠥᠰᠦᠪ ᠤᠨ ᠲᠣᠬᠢᠷᠠᠭᠤᠯᠤᠯᠲᠠ  ᠶᠢᠨ ᠲᠦᠰᠦᠪ ︵ᠲᠥᠰᠦᠯ︶ ᠤᠨ ᠲᠤᠬᠠᠶ ᠬᠤᠰᠢᠭᠤ ᠠᠷᠠᠳ‌‍ᠤᠨ ᠵᠠᠰᠠᠭ ᠤᠨ ᠣᠷᠳᠣᠨ ᠤ ᠮᠡᠳᠡᠭᠦᠯᠦᠯᠲᠡ﹀﹀᠂ ︿︿ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠲᠥᠯᠥᠭᠡᠯᠡᠭᠴᠢ ᠶᠢᠨ ᠣᠷᠣᠯᠴᠠᠭᠰᠠᠨ ᠪᠤᠯᠤᠨ ᠣᠷᠣᠯᠴᠠᠭᠰᠠᠨ ᠦᠭᠡᠢ ᠪᠠᠶᠢᠳᠠᠯ ᠤᠨ ᠲᠤᠬᠠᠶ ᠮᠡᠳᠡᠭᠦᠯᠦᠯᠲᠡ﹀﹀ ᠵᠡᠷᠭᠡ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠡᠶ  ᠃      ᠬᠤᠷᠠᠯ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠡᠷᠬᠢᠯᠡᠭᠴᠢ ᠶᠢᠨ ᠬᠤᠷᠠᠯ᠂ ᠬᠤᠰᠢᠭᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠳᠤᠷᠠᠳᠤᠯᠭ᠎ᠠ ᠶᠢ ᠦᠨᠳᠦᠰᠦᠯᠡᠨ᠂ ᠬᠠᠤᠯᠢ ᠶᠣᠰᠣᠭᠠᠷ ᠠᠵᠢᠯᠲᠠᠨ ᠢ ᠲᠣᠮᠢᠯᠠᠵᠤ ᠪᠠᠭᠤᠯᠭᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号