ᠡᠵᠢᠨᠠᠭᠤᠷ ᠪᠠᠯᠭᠠᠰᠤᠨ ᠤ ᠰᠠᠶᠢᠬᠤᠰᠣ ᠭᠠᠴᠠᠭ᠎ᠠ ᠨᠢ ︽ᠵᠠᠩ ᠳᠠᠳᠬᠠᠯ ᠢ ᠥᠭᠡᠷᠡᠴᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/26
      ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠪᠣᠯᠪᠠᠰᠤᠨ ᠤ ᠰᠢᠨ᠎ᠡ ᠰᠤᠷᠲᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠦᠳᠦᠯᠦᠨ ᠳᠠᠭᠠᠭᠤᠯᠵᠤ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠡᠪᠳᠡᠵᠦ᠂ ᠥᠷᠭᠡᠨ ᠤᠯᠠᠨ ᠮᠠᠯᠴᠢᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ᠂ ᠡᠷᠡᠭᠦᠯ᠂ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠬᠡᠯᠪᠡᠷᠢ ᠲᠠᠢ ᠪᠠᠶᠢᠭᠤᠯᠬᠤ ᠶᠢᠨ ᠲᠥᠯᠥᠭᠡ᠂ 9 ᠰᠠᠷ᠎ᠠ ᠶᠢᠨ 16 ᠤ ᠡᠳᠦᠷ᠂ ᠵᠡᠭᠦᠨ ᠦᠵᠦᠮᠦᠴᠢᠨ ᠬᠤᠰᠢᠭᠤᠨ ᠤ  ᠡᠵᠢᠨᠠᠭᠤᠷ  ᠪᠠᠯᠭᠠᠰᠤᠨ ᠤ ᠰᠠᠶᠢᠬᠤᠰᠣ ᠭᠠᠴᠠᠭ᠎ᠠ ᠨᠢ  ︽ᠵᠠᠩ ᠳᠠᠳᠬᠠᠯ ᠢ ᠥᠭᠡᠷᠡᠴᠢᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃      ᠠᠵᠢᠯᠯᠠᠭᠠᠨ ᠤ ᠳᠤᠮᠳᠠ᠂ ᠨᠢᠭᠡ ᠳᠤ᠂ ︽ᠭᠠᠴᠠᠭᠠᠨ ᠲᠦᠷᠢᠮ ᠠᠷᠠᠳ ᠤᠨ ᠭᠡᠷ᠎ᠡ︾ ᠪᠠᠷ ᠭᠠᠷᠳᠠᠴᠠ ᠪᠣᠯᠭᠠᠵᠤ᠂ ᠲᠦᠷᠢᠮ ᠲᠣᠭᠲᠠᠭᠠᠵᠤ᠂ ᠴᠢᠩᠭ᠎ᠠ  ᠬᠢᠵᠠᠭᠠᠷᠯᠠᠵᠤ᠂ᠪᠣᠯᠪᠠᠰᠤᠨ ᠬᠡᠪ ᠰᠤᠷᠲᠠᠯ ᠢ ᠰᠤᠷᠲᠠᠯᠴᠢᠯᠠᠬᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ︽ᠭᠠᠴᠠᠭᠠᠨ ᠲᠦᠷᠢᠮ ᠠᠷᠠᠳ ᠤᠨ ᠭᠡᠷ᠎ᠡ  ︾ ᠳᠤ ᠪᠢᠴᠢᠨ ᠣᠷᠣᠭᠤᠯᠵᠤ᠂ ᠭᠠᠴᠠᠭᠠᠨ ᠤ ᠣᠯᠠᠨ ᠲᠦᠮᠡᠨ ᠳᠤ ᠵᠢᠯ ᠬᠤᠷᠢᠮ ᠢ ᠲᠦᠭᠦᠮᠴᠢᠯᠡᠬᠦ ᠪᠣᠶᠣ ᠬᠢᠬᠦ ᠦᠭᠡᠢ ᠪᠠᠶᠢᠬᠤ ᠶᠢ ᠰᠠᠨᠠᠭᠠᠴᠢᠯᠠᠪᠠ᠃ ᠬᠤᠶᠠᠷ ᠲᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ᠭᠠᠷᠳᠠᠴᠠ ᠪᠣᠯᠭᠠᠵᠤ᠂ ᠵᠢᠱᠢᠶ᠎ᠡ ᠦᠵᠡᠭᠦᠯᠬᠦ ᠶᠢ ᠴᠢᠩᠭᠠᠳᠬᠠᠵᠤ᠂ ᠲᠦᠷᠢ ᠲᠥᠷᠬᠦ ᠶᠢ ᠪᠤᠢ ᠪᠣᠯᠭᠠᠵᠤ᠂ ᠭᠠᠴᠠᠭᠠᠨ ᠤ ᠮᠠᠯᠴᠢᠨ ᠨᠠᠮ ᠤᠨ ᠭᠡᠰᠢᠭᠦᠨ᠂ ︽ᠬᠤᠶᠠᠷ ᠵᠥᠪᠯᠡᠯ︾ ᠤᠨ ᠭᠡᠰᠢᠭᠦᠳ ᠪᠣᠯᠪᠠᠰᠤᠨ ᠬᠡᠪ ᠰᠤᠷᠲᠠᠯ ᠢ ᠰᠤᠷᠲᠠᠯᠴᠢᠯᠠᠬᠤ ᠠᠵᠢᠯᠯᠠᠭ᠎ᠠ ᠶᠢ ᠲᠦᠷᠦᠭᠦᠯᠡᠨ ᠦᠢᠯᠡᠳᠦᠯᠭᠡᠵᠢᠭᠦᠯᠵᠦ᠂ ᠳᠠᠭᠤᠷᠢᠶᠠᠯ ᠤᠨ ᠬᠦᠴᠦᠨ ᠢᠶᠠᠨ ᠪᠠᠳᠠᠷᠠᠭᠤᠯᠤᠨ ︽ᠪᠣᠯᠪᠠᠰᠤᠨ ᠬᠡᠪ ᠰᠤᠷᠲᠠᠯ ᠢ ᠰᠤᠷᠲᠠᠯᠴᠢᠯᠠᠬᠤ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠨᠠᠩ ᠣᠯᠠᠨ ᠮᠠᠯᠴᠢᠨ ᠲᠦᠮᠡᠨ ᠢ ᠳᠠᠶᠢᠴᠢᠯᠠᠪᠠ᠃ ᠭᠤᠷᠪᠠ ᠳᠤ᠂ ︽ᠦᠵᠡᠭᠦᠯᠦᠯᠭᠡ ᠶᠢᠨ ᠰᠤᠷᠤᠯᠴᠠᠯᠭ᠎ᠠ︾ ᠪᠠᠷ ᠭᠠᠷᠳᠠᠴᠠ ᠪᠣᠯᠭᠠᠵᠤ᠂ ᠭᠠᠴᠠᠭᠠᠨ ᠤ ᠬᠢᠨ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠵᠤ ᠬᠤᠰᠢᠭᠤᠨ ᠤ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ  ᠲᠤ ᠬᠦᠷᠴᠦ ᠲᠣᠭᠤᠷᠢᠨ ᠰᠤᠷᠤᠯᠴᠠᠪᠠ᠃ ᠲᠤᠰ ᠲᠥᠪ ᠤᠨ ᠬᠠᠷᠢᠭᠤᠴᠠᠯᠭᠠᠲᠠᠨ ᠢᠶᠠᠷ ᠳᠠᠮᠵᠢᠭᠤᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠪᠦᠲᠦᠴᠡ ᠵᠢᠴᠢ ᠰᠠᠶᠢᠨ ᠳᠤᠷ᠎ᠠ ᠶᠢᠨ ᠠᠵᠢᠯᠯᠠᠭ᠎ᠠ ᠶᠢᠨ ᠪᠠᠶᠠᠯᠢᠭ ᠠᠭᠤᠯᠭ᠎ᠠ ᠶᠢ ᠲᠤᠬᠠᠶ ᠶᠢᠨ ᠭᠠᠵᠠᠷ ᠲᠤᠨᠢ ᠲᠠᠶᠢᠯᠪᠤᠷᠢᠯᠠᠵᠤ᠂ ᠤᠯᠠᠨ ᠢ ᠳᠠᠭᠠᠭᠤᠯᠤᠨ ᠪᠣᠯᠪᠠᠰᠤᠨ ᠤ ᠵᠢᠯᠤᠭᠤᠳᠤᠯᠭ᠎ᠠ᠂ ᠪᠣᠯᠪᠠᠰᠤᠨ ᠤ ᠦᠯᠢᠬᠡᠷ ᠳᠠᠭᠤᠷᠢᠶᠠᠯ᠂ ᠪᠣᠯᠪᠠᠰᠤᠨ ᠤ ᠠᠴᠢᠶᠠᠯᠠᠪᠤᠷᠢ᠂ ᠪᠣᠯᠪᠠᠰᠤᠨ ᠤ ᠦᠢᠯᠡᠳᠦᠯᠭᠡ᠂ ᠪᠣᠯᠪᠠᠰᠤᠨ ᠢ ᠡᠭᠦᠳᠦᠨ ᠪᠠᠶᠢᠭᠤᠯᠬᠤ ᠵᠡᠷᠭᠡ ᠰᠢᠷᠢᠰ ᠦᠵᠡᠭᠦᠯᠦᠯᠭᠡ ᠶᠢᠨ ᠲᠣᠭᠤᠷᠢᠭ ᠵᠢᠴᠢ ᠡᠯ᠎ᠡ ᠲᠦᠷᠦᠯ ᠤᠨ ᠭᠤᠣᠯ ᠰᠡᠳᠦᠪᠲᠦ ᠠᠵᠢᠯᠯᠠᠭ᠎ᠠ ᠶᠢᠨ ᠲᠠᠯᠠᠪᠤᠷ ᠢ ᠲᠣᠭᠤᠷᠢᠨ ᠦᠵᠡᠭᠦᠯᠵᠦ᠂ ᠨᠠᠮ ᠤᠨ ᠭᠡᠰᠢᠭᠦᠳ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠠᠭᠤᠯᠤᠭᠳᠠᠬᠤᠨ ᠪᠠ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ᠪᠣᠯᠪᠠᠰᠤᠨ ᠢ ᠣᠶᠢᠯᠠᠭᠠᠬᠤ᠂ ᠪᠣᠯᠪᠠᠰᠤᠨ ᠢ ᠦᠢᠯᠡᠳᠦᠯᠭᠡᠵᠢᠭᠦᠯᠬᠦ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠪᠠᠲᠤᠳᠬᠠᠪᠠ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号