2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠪᠠ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ ᠶᠢ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ 9 ᠰᠠᠷ᠎ᠠ ᠶᠢᠨ 14 ᠤ ᠡᠳᠦᠷ᠂ ᠡᠵᠢᠨᠠᠭᠤᠷ ᠪᠠᠯᠭᠠᠰᠤ ᠨᠢ 2024 ᠣᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ 2023 ᠣᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠳᠠᠭᠠᠳᠬᠠᠯ ᠳᠤ | ᠣᠷᠣᠯᠴᠠᠵᠤ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠬᠢᠯᠡᠵᠦ᠂ ᠡᠯ᠎ᠡ | ᠭᠠᠴᠠᠭ᠎ᠠ ︵ᠨᠡᠶᠢᠭᠡᠮ ᠲᠣᠭᠤᠷᠢᠭ︶ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ ᠴᠡᠭ︶ | ᠤᠨ ᠡᠷᠬᠢᠯᠡᠨ ᠭᠦᠢᠴᠡᠳᠭᠡᠬᠦ ᠠᠵᠢᠯᠲᠠᠨ ᠪᠣᠯᠪᠠᠰᠤᠷᠠᠭᠤᠯᠤᠯ ᠳᠤ ᠣᠷᠤᠯᠴᠠᠪᠠ᠃ | 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ | ᠬᠤᠷᠠᠯ ᠠᠴᠠ ᠮᠠᠨ ᠤ ᠪᠠᠯᠭᠠᠰᠤᠨ ᠤ 2023 ᠣᠨ ᠤ ᠬᠤᠲᠠ ᠬᠥᠳᠡᠭᠡ ᠶᠢᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠠᠵᠢᠯ ᠢ ᠪᠡᠶᠡᠯᠡᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ | ᠮᠡᠳᠡᠭᠳᠡᠭᠰᠡᠨ ᠪᠥᠭᠡᠳ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠠᠵᠢᠯ ᠤᠨ ᠶᠡᠷᠦᠩᠬᠡᠶ ᠬᠠᠷᠠᠯᠲᠠ᠂ ᠪᠣᠳᠠᠲᠠᠶ ᠡᠭᠦᠷᠭᠡ᠂ ᠲᠠᠲᠠᠪᠤᠷᠢᠯᠠᠨ | ᠲᠤᠰᠢᠶᠠᠬᠤ ᠶᠠᠪᠤᠴᠠ ᠵᠡᠷᠭᠡ ᠠᠭᠤᠯᠭ᠎ᠠ ᠶᠢᠨ ᠲᠣᠭᠤᠷᠢᠨ ᠳᠤ ᠪᠠᠶᠢᠷᠢᠯᠠᠭᠤᠯᠤᠯᠲᠠ ᠪᠠ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠬᠢᠭᠰᠡᠨ ᠪᠠᠶᠢᠨ᠎ᠠ᠃ ᠪᠣᠯᠪᠠᠰᠤᠷᠠᠭᠤᠯᠤᠯ ᠤᠨ ᠭᠤᠤᠯ ᠠᠭᠤᠯᠭ᠎ᠠ ᠨᠢ 2024 ᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠤᠰᠢᠶᠠᠬᠤ ᠡᠲᠡᠭᠡᠳ᠂ | ᠪᠠᠷᠢᠮᠵᠢᠶ᠎ᠠ᠂ ᠴᠠᠭ᠂ ᠠᠷᠭ᠎ᠠ ᠮᠠᠶ᠋ᠢᠭ᠂ ᠬᠠᠷᠠᠭᠠᠯᠵᠠᠯ ᠭᠥᠷᠳᠡᠬᠦ ᠲᠥᠷᠥ ᠶᠢᠨ ᠪᠣᠳᠣᠯᠭ᠎ᠠ ᠵᠢᠴᠢ ᠡᠮ ᠡᠮᠨᠡᠯᠭᠡ ᠶᠢᠨ | ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠳᠤᠯᠢᠭ ᠢᠶᠠᠷ ᠬᠡᠷᠡᠭᠯᠡᠬᠦ ᠵᠡᠷᠭᠡ ᠪᠣᠯᠤᠨ᠎ᠠ᠃ | 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠬᠤᠷᠠᠯ | ᠬᠤᠷᠠᠯ ᠠᠴᠠ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠨᠥᠬᠦᠴᠡᠯ᠂ ᠣᠯᠭᠤᠮᠵᠢ ᠠᠪᠬᠤ᠂ ᠣᠷᠣᠰᠢᠨ | ᠠᠮᠢᠳᠤᠷᠠᠬᠤ ᠶᠢᠨ ᠭᠡᠷᠡᠴᠢᠯᠡᠯ ᠬᠢᠬᠦ᠂ ᠣᠷᠣᠰᠢᠭᠤᠯᠭ᠎ᠠ ᠶᠢᠨ ᠵᠠᠷᠤᠳᠠᠯ ᠤᠨ ᠨᠥᠬᠦᠪᠥᠷᠢ ᠥᠭᠬᠦ᠂ ᠰᠢᠯᠵᠢᠭᠦᠯᠦᠨ | ᠦᠷᠭᠦᠯᠵᠢᠯᠡᠭᠦᠯᠬᠦ᠂ ᠨᠡᠶᠢᠭᠡᠮ ᠤᠨ ᠳᠠᠭᠠᠳᠬᠠᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠤᠨ ᠳᠠᠭᠠᠳᠬᠠᠯ ᠤᠨ ᠺᠠᠷᠲ | ᠣᠯᠭᠤᠬᠤ ᠵᠡᠷᠭᠡ ᠲᠥᠷᠥ ᠶᠢᠨ ᠪᠣᠳᠣᠯᠭ᠎ᠠ ᠳᠤ ᠴᠢᠭᠯᠡᠭᠦᠯᠦᠨ ᠲᠠᠶᠢᠯᠤᠮᠵᠢ ᠬᠢᠵᠦ᠂ ᠡᠭᠦᠨ ᠤ ᠬᠠᠮᠲᠤ ᠳᠠᠭᠠᠳᠬᠠᠯ ᠤᠨ | ᠲᠠᠲᠠᠪᠤᠷᠢᠯᠠᠨ ᠲᠤᠰᠢᠶᠠᠬᠤ ᠶᠠᠪᠤᠴᠠ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠡᠶ᠃ | ᠪᠣᠯᠪᠠᠰᠤᠷᠠᠭᠤᠯᠤᠯ ᠤᠨ ᠡᠴᠦᠰ ᠲᠤ ᠬᠤᠷᠠᠯ ᠳᠤ ᠣᠷᠣᠯᠴᠠᠭᠰᠠᠳ ᠲᠠᠢ ᠲᠤᠬᠠᠶᠢᠯᠠᠭᠰᠠᠨ ᠠᠵᠢᠯ ᠤᠨ | ᠲᠤᠷᠰᠢᠯᠠᠭ᠎ᠠ ᠪᠠᠨ ᠰᠣᠯᠢᠯᠴᠠᠬᠤ ᠶᠢᠨ ᠬᠠᠮᠲᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠵᠠᠢ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠦᠨᠳᠦᠰᠦᠨ ᠱᠠᠲᠤᠨ ᠤ ᠡᠷᠬᠢᠯᠡᠨ ᠭᠦᠢᠴᠡᠳᠭᠡᠬᠦ | ᠠᠵᠢᠯᠲᠠᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠳᠤ ᠮᠠᠨ ᠤ ᠪᠠᠯᠭᠠᠰᠤᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠡᠷᠬᠢᠯᠡᠨ ᠭᠦᠢᠴᠡᠳᠭᠡᠬᠦ | ᠵᠢᠷᠤᠮ ᠪᠠ ᠲᠥᠷᠥ ᠶᠢᠨ ᠪᠣᠳᠣᠯᠭ᠎ᠠ ᠶᠢᠨ ᠵᠣᠯᠭᠠᠯᠳᠤᠯ ᠢ ᠵᠢᠷᠤᠮᠵᠢᠭᠤᠯᠵᠤ᠂ ᠬᠤᠶᠢᠰᠢᠳᠠ ᠣᠯᠠᠨ ᠲᠦᠮᠡᠨ ᠳᠤ ᠨᠠᠩ | ᠰᠠᠶᠢᠨ ᠦᠢᠯᠡᠴᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |