ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠦᠭᠡ ᠬᠡᠯᠡᠨ ᠤ ᠳᠦᠷᠢᠮᠵᠢᠯ ᠤᠨ ᠤᠬᠠᠮᠰᠠᠷ ᠪᠣᠯᠣᠨ ᠨᠡᠶᠢᠲᠡᠯᠢᠭ | ᠬᠡᠯᠡ ᠶᠢ ᠲᠦᠭᠡᠮᠡᠯᠵᠢᠭᠦᠯᠬᠦ ᠳᠤ ᠣᠷᠣᠯᠴᠠᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠯᠠᠪᠳᠠᠭᠤᠨ ᠪᠠᠲᠤᠲᠠᠢ | ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠦᠭᠡᠮᠡᠯᠵᠢᠭᠦᠯᠬᠦ | ᠡᠭᠦᠳᠡᠨ ᠠᠴᠠ 9 ᠰᠠᠷ᠎ᠠ ᠶᠢᠨ 13 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ | ᠰᠠᠭᠠᠮᠠᠢ ᠨᠡᠶᠢᠭᠡᠮ ᠲᠣᠭᠤᠷᠢᠭ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ ᠰᠢᠨ᠎ᠡ ᠠᠶᠠᠨ ᠵᠠᠮ ᠳᠤ ᠡᠷᠡᠯᠬᠡᠭᠯᠡᠨ | ᠤᠷᠤᠭᠰᠢᠯᠠᠬᠤ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ | ᠠᠵᠢᠯᠲᠠᠨ᠂ ᠰᠠᠭᠤᠭᠠᠯᠢ ᠠᠷᠠᠳ ᠨᠡᠶᠢᠳᠡ 60 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ᠃ | ᠬᠤᠷᠠᠯ ᠳᠡᠭᠡᠷ᠎ᠡ ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ | ᠱᠦᠵᠢ ᠨᠡᠶᠢᠲᠡᠯᠢᠭ ᠬᠡᠯᠡ ᠶᠢ ᠰᠠᠶᠢᠲᠤᠷ ᠶᠠᠷᠢᠬᠤ ᠶᠢᠨ ᠴᠢᠬᠤᠯᠠ ᠴᠢᠨᠠᠷ ᠠᠴᠠ ᠭᠠᠷᠳᠠᠵᠤ᠂ ᠬᠠᠷᠢᠶ᠎ᠠ ᠣᠷᠣᠨ ᠤ | ᠰᠠᠭᠤᠭᠠᠯᠢ ᠠᠷᠠᠳ ᠲᠤ ᠨᠡᠶᠢᠲᠡᠯᠢᠭ ᠬᠡᠯᠡ ᠭᠡᠭᠴᠢ ᠶᠠᠭᠤ ᠪᠣᠯᠬᠤ ᠶᠢ ᠲᠦᠭᠡᠮᠡᠯᠵᠢᠭᠦᠯᠬᠦ ᠵᠢᠴᠢ ᠨᠡᠶᠢᠲᠡᠯᠢᠭ ᠬᠡᠯᠡ ᠶᠢ | ᠲᠦᠭᠡᠮᠡᠯᠵᠢᠭᠦᠯᠬᠦ ᠶᠢᠨ ᠠᠴᠢ ᠬᠤᠯᠪᠣᠭᠳᠠᠯ ᠤᠨ ᠲᠥᠯᠥᠭᠡ ᠠᠵᠢᠯᠲᠠᠳ ᠪᠠᠰᠠ ᠰᠠᠭᠤᠭᠠᠯᠢ ᠠᠷᠠᠳ ᠲᠤ ᠨᠡᠶᠢᠲᠡᠯᠢᠭ | ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠠᠭᠤᠳᠠᠰᠤ ᠶᠢ 60 ᠭᠠᠷᠤᠢ ᠬᠤᠪᠢ ᠲᠠᠷᠬᠠᠭᠠᠵᠠᠢ᠃ | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠡᠶᠢᠲᠡᠯᠢᠭ | ᠬᠡᠯᠡ ᠶᠢ ᠵᠢᠷᠤᠮᠵᠢᠭᠤᠯᠤᠨ ᠬᠡᠷᠡᠭᠯᠡᠬᠦ ᠤᠬᠠᠮᠰᠠᠷ ᠢ ᠴᠢᠩᠭᠠᠳᠬᠠᠵᠤ᠂ ᠨᠡᠩ ᠤᠯᠠᠨ ᠰᠠᠭᠤᠭᠠᠯᠢ ᠠᠷᠠᠳ ᠲᠤ ᠦᠭᠡ | ᠬᠡᠯᠡ ᠰᠣᠶᠣᠯ ᠤᠨ ᠮᠡᠳᠡᠯᠭᠡ ᠶᠢ ᠣᠶᠢᠯᠠᠭᠠᠭᠤᠯᠵᠤ᠂ ᠨᠡᠶᠢᠲᠡᠯᠢᠭ ᠬᠡᠯᠡ ᠶᠢ ᠬᠡᠷᠡᠭᠯᠡᠬᠦ ᠢᠳᠡᠪᠬᠢᠵᠢᠯ ᠢ ᠨᠢ | ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ ᠤᠯᠢᠶᠠᠰᠤᠲᠠᠢ ᠪᠠᠯᠭᠠᠰᠤᠨ ᠤ | ᠰᠠᠭᠠᠮᠠᠢ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠨᠡᠶᠢᠲᠡᠯᠢᠭ ᠬᠡᠯᠡ ᠶᠢ ᠶᠡᠬᠡᠪᠡᠷ ᠤᠬᠠᠭᠤᠯᠤᠨ | ᠲᠦᠭᠡᠮᠡᠯᠵᠢᠭᠦᠯᠵᠦ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠭᠤᠯᠭ᠎ᠠ ᠶᠢ | ᠪᠠᠶᠠᠯᠢᠭᠵᠢᠭᠤᠯᠵᠤ᠂ ᠨᠡᠩ ᠤᠯᠠᠨ ᠰᠠᠭᠤᠭᠠᠯᠢ ᠠᠷᠠᠳ ᠢ ᠲᠦᠭᠡᠮᠡᠯᠵᠢᠭᠦᠯᠬᠦ ᠠᠵᠢᠯ ᠳᠤ ᠣᠷᠣᠯᠴᠠᠭᠤᠯᠵᠤ᠂ | ᠪᠣᠯᠪᠠᠰᠤᠨ᠂ ᠵᠢᠷᠤᠮᠵᠢᠯ ᠲᠠᠢ᠂ ᠡᠷᠡᠭᠦᠯ ᠴᠢᠭᠢᠷᠠᠭ᠂ ᠡᠶ᠎ᠡ ᠵᠣᠬᠢᠴᠠᠩᠭᠤᠢ ᠨᠡᠶᠢᠭᠡᠮ ᠤᠨ ᠠᠭᠤᠷ ᠠᠮᠢᠰᠬᠤᠯ ᠢ | ᠴᠢᠷᠮᠠᠶᠢᠨ ᠪᠤᠢ ᠪᠣᠯᠭᠠᠨ᠎ᠠ᠃ |