ᠤᠯᠢᠶᠠᠰᠤᠲᠠᠢ ᠪᠠᠯᠭᠠᠰᠤ ᠬᠦᠴᠢᠷᠲᠡᠯᠲᠡᠢ ᠠᠷᠠᠳ ᠲᠦᠮᠡᠨ ᠢ ᠰᠠᠨᠠᠭᠠᠴᠢᠯᠠᠭ᠎ᠠ ᠠᠴᠠ ᠪᠠᠨ ᠠᠪᠣᠷᠠᠨ ᠲᠣᠰᠠᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/26
      ᠭᠤᠶᠤᠴᠢᠯᠠᠬᠤ ᠴᠢᠳᠠᠪᠤᠷᠢ ᠨᠢ ᠬᠦᠷᠦᠯᠴᠡᠬᠦ ᠦᠭᠡᠢ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠦᠨᠡᠨᠬᠦ ᠰᠠᠶᠢᠲᠤᠷ ᠪᠠᠲᠤᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠂ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ  ᠂  ᠣᠶᠢᠷ᠎ᠡ ᠶᠢᠨ ᠡᠳᠦᠷ᠂ ᠤᠯᠢᠶᠠᠰᠤᠲᠠᠢ ᠪᠠᠯᠭᠠᠰᠤ ᠬᠦᠴᠢᠷᠲᠡᠯᠲᠡᠢ ᠠᠷᠠᠳ ᠲᠦᠮᠡᠨ ᠢ ᠰᠠᠨᠠᠭᠠᠴᠢᠯᠠᠭ᠎ᠠ ᠠᠴᠠ ᠪᠠᠨ ᠠᠪᠣᠷᠡᠨ ᠲᠣᠰᠠᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ᠂ ᠡᠯ᠎ᠡ ᠨᠡᠶᠢᠭᠡᠮ ᠲᠣᠭᠤᠷᠢᠭ ᠤᠨ ᠱᠦᠵᠢ ᠬᠤᠷᠠᠯ ᠳᠤ  ᠣᠷᠣᠯᠴᠠᠪᠠ᠃      ᠬᠤᠷᠠᠯ ᠠᠴᠠ ︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠰᠠᠨᠠᠭᠠᠴᠢᠯᠠᠭ᠎ᠠ ᠠᠴᠠ ᠪᠠᠨ ᠬᠦᠴᠢᠷᠳᠡᠯᠲᠡᠢ ᠣᠯᠠᠨ ᠲᠦᠮᠡᠨ ᠢ ᠠᠪᠣᠷᠡᠨ ᠲᠣᠰᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠮᠡᠳᠡᠭᠳᠡᠯ︾  ᠢ ᠤᠯᠠᠮᠵᠢᠯᠠᠭᠰᠠᠨ ᠪᠥᠭᠡᠳ ᠨᠡᠶᠢᠭᠡᠮ ᠲᠣᠭᠤᠷᠢᠭ ᠤᠨ ᠬᠦᠴᠢᠷᠲᠡᠯᠲᠡᠢ ᠠᠷᠠᠳ ᠲᠦᠮᠡᠨ ᠢ ᠠᠪᠣᠷᠡᠨ ᠲᠣᠰᠠᠯᠠᠬᠤ ᠠᠵᠢᠯᠯᠠᠭ᠎ᠠ ᠶᠢ ᠦᠷᠨᠢᠭᠦᠯᠬᠦ ᠳᠤ  ᠱᠠᠭᠠᠷᠳᠠᠯᠭ᠎ᠠ ᠳᠤᠷᠠᠳᠴᠤ᠂ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠦᠨᠳᠦᠰᠦᠨ ᠱᠠᠲᠤᠨ ᠤ ᠬᠦᠴᠦᠨ ᠳᠤ ᠭᠦᠢᠴᠡᠳ ᠲᠦᠰᠢᠭᠯᠡᠬᠦ ᠬᠡᠷᠡᠭᠲᠡᠢ᠃ ᠠᠷᠠᠳ ᠤᠨ ᠶᠠᠪᠤᠳᠠᠯ ᠤᠨ ᠲᠤᠰᠠᠯᠠᠭᠴᠢ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠂ ᠨᠡᠶᠢᠭᠡᠮ ᠲᠣᠭᠤᠷᠢᠭ ᠤᠨ ᠲᠣᠣᠷᠴᠢᠯᠠᠭᠰᠠᠨ ᠠᠵᠢᠯᠲᠠᠨ᠂ ᠰᠠᠶᠢᠨ ᠲᠣᠷᠠᠴᠣᠣᠯ ᠵᠡᠷᠭᠡ ᠦᠨᠳᠦᠰᠦᠨ ᠱᠠᠲᠤᠨ ᠤ ᠠᠵᠢᠯ ᠤᠨ ᠬᠦᠴᠦᠨ ᠳᠤ ᠭᠦᠢᠴᠡᠳ ᠲᠦᠰᠢᠭᠯᠡᠵᠦ᠂ ᠪᠠᠯᠭᠠᠰᠤ᠂ ᠨᠡᠶᠢᠭᠡᠮ ᠲᠣᠭᠤᠷᠢᠭ ᠤᠨ ︽ᠬᠤᠶᠡᠷ ᠳᠡᠰ ᠤᠨ ᠬᠤᠯᠪᠤᠭᠠᠯᠠᠨ ᠬᠥᠳᠡᠯᠦᠯᠴᠡᠬᠦ︾ ᠶᠢ ᠪᠠᠶᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠢᠶᠠᠷ ᠦᠨᠳᠦᠰᠦᠨ ᠨᠢᠭᠡᠴᠡ ᠪᠣᠯᠭᠠᠨ᠂ ︽ᠨᠡᠶᠢᠭᠡᠮ ᠲᠣᠭᠤᠷᠢᠭ᠂ ᠲᠣᠣᠷᠴᠢᠯᠠᠭᠰᠠᠨ ᠲᠣᠭᠤᠷᠢᠭ᠂ ᠨᠢᠭᠡ ᠳᠠᠪᠬᠤᠷᠯᠢᠭ ᠠᠰᠠᠷ᠂  ᠨᠢᠭᠡ ᠨᠢᠭᠡᠴᠡ︾ ᠳᠥᠷᠪᠡᠨ ᠱᠠᠲᠤᠨ ᠤ ᠲᠣᠣᠷᠴᠢᠯᠠᠭᠰᠠᠨ ᠠᠵᠢᠯ ᠤᠨ ᠰᠢᠰᠲ᠋ᠧᠮᠵᠢ ᠵᠢᠴᠢ ︽ᠲᠣᠣᠷᠴᠢᠯᠠᠭᠰᠠᠨ ᠲᠣᠭᠤᠷᠢᠭ ᠤᠨ ᠲᠠᠷᠤᠭ᠎ᠠ᠂ ᠨᠢᠭᠡ ᠲᠠᠪᠬᠤᠷᠯᠢᠭ ᠠᠰᠠᠷ ᠤᠨ ᠲᠠᠷᠤᠭ᠎ᠠ᠂ ᠨᠢᠭᠡ ᠨᠢᠭᠡᠴᠡ ᠶᠢᠨ ᠲᠠᠷᠤᠭ᠎ᠠ︾ ︽ᠭᠤᠷᠪᠠᠨ  ᠲᠠᠰ ᠤᠨ ᠲᠠᠷᠤᠭ᠎ᠠ︾ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠨᠠᠰᠤᠲᠠᠨ᠂  ᠪᠠᠭᠤᠷᠠᠢ᠂  ᠡᠪᠡᠳᠴᠢᠲᠡᠢ᠂  ᠵᠡᠮᠳᠡᠭ᠂  ᠬᠦᠴᠢᠷᠳᠡᠯᠲᠡᠢ  ᠂ ᠭᠠᠮᠰᠢᠭ ᠲᠠᠢ  ︾  ᠵᠡᠷᠭᠡ  ᠨᠠᠢᠮᠠᠨ  ᠲᠥᠷᠥᠯ  ᠤᠨ ᠬᠦᠴᠢᠷᠳᠡᠯᠲᠡᠢ ᠣᠯᠠᠨ ᠲᠦᠮᠡᠨ ᠳᠤ ᠰᠢᠯᠢᠳᠡᠭ ᠦᠢᠯᠡᠴᠢᠯᠡᠭᠡ ᠬᠠᠩᠭᠠᠨ᠎ᠠ᠃ ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠢᠯᠡ ᠨᠡᠶᠢᠲᠡᠯᠡᠬᠦ ᠪᠤᠯᠤᠩ᠂ ᠰᠠᠭᠤᠭᠠᠯᠢ ᠠᠷᠠᠳ ᠤᠨ ᠸᠢᠴᠠᠲ ᠤᠨ ᠬᠤᠯᠪᠣᠭ᠎ᠠ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠠᠰᠠᠭᠤᠨ ᠯᠠᠪᠯᠠᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠲᠠᠮᠵᠢᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠵᠢᠴᠢ ᠠᠪᠤᠷᠠᠨ ᠲᠤᠰᠠᠯᠠᠬᠤ ᠶᠢ ᠭᠤᠶᠤᠴᠢᠯᠠᠬᠤ ᠠᠯᠬᠤᠮ ᠲᠠᠷᠠᠭ᠎ᠠ ᠶᠢᠨ ᠨᠡᠶᠢᠭᠡᠮ ᠤᠨ ᠣᠶᠢᠯᠠᠭᠠᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠦᠴᠢᠷᠳᠡᠯᠲᠡᠢ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠬᠤ ᠶᠢ ᠪᠡᠶ᠎ᠡ ᠪᠠᠨ ᠳᠠᠭᠠᠭᠠᠵᠤ ᠭᠤᠶᠤᠴᠢᠯᠠᠬᠤ ᠶᠢ ᠢᠳᠡᠪᠬᠢᠲᠡᠢ ᠪᠠᠷ ᠬᠥᠲᠥᠯᠥᠨ ᠵᠢᠯᠣᠭᠤᠳᠤᠨ᠎ᠠ᠃ ᠭᠤᠷᠪᠠ ᠳᠤ᠂ ᠬᠥᠳᠡᠯᠦᠩᠭᠦᠢ ᠪᠠᠷ ᠬᠢᠨᠠᠨ ᠪᠠᠶᠢᠴᠠᠭᠠᠬᠤ ᠲᠣᠭᠲᠠᠴᠠ ᠶᠢ ᠴᠢᠩᠭᠠᠳᠬᠠᠬᠤ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ  ᠬᠢᠨᠠᠨ ᠪᠠᠶᠢᠴᠠᠭᠠᠬᠤ ᠲᠣᠭᠲᠠᠴᠠ ᠶᠢᠨ ᠶᠣᠰᠣᠭᠠᠷ᠂ ᠨᠡᠶᠢᠭᠡᠮ ᠲᠣᠭᠤᠷᠢᠭ ᠤᠨ ᠺᠠᠳ᠋ᠷ ᠠᠵᠢᠯᠲᠡᠨ᠂ ᠲᠣᠣᠷᠴᠢᠯᠠᠭᠰᠠᠨ ᠠᠵᠢᠯᠲᠠᠨ᠂ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠠᠶᠢᠩᠭᠤ ᠶᠢᠨ ᠴᠢᠨᠠᠷᠲᠡᠢ ᠪᠠᠷ ᠬᠦᠴᠢᠷᠳᠡᠯᠲᠡᠢ ᠣᠯᠠᠨ ᠲᠦᠮᠡᠨ ᠳᠤ ᠬᠦᠨᠵᠡᠭᠡᠶᠢᠷᠡᠨ ᠪᠠᠶᠢᠳᠠᠯ ᠢ ᠣᠶᠢᠯᠠᠭᠠᠵᠤ᠂ ᠬᠦᠴᠢᠷᠳᠡᠯᠲᠡᠢ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠠᠪᠣᠷᠡᠨ ᠲᠣᠰᠠᠯᠠᠵᠦ᠂  ︽ᠰᠠᠨᠠᠭᠠᠴᠢᠯᠠᠭ᠎ᠠ ᠠᠴᠠ ᠪᠠᠨ ᠠᠪᠣᠷᠡᠨ ᠲᠣᠰᠠᠯᠠᠬᠤ᠂ ᠬᠥᠳᠡᠯᠦᠩᠭᠦᠢ ᠪᠠᠷ ᠬᠠᠮᠢᠶᠠᠷᠬᠤ᠂ ᠴᠠᠭ ᠲᠤᠬᠠᠢ ᠳᠤᠨᠢ ᠠᠪᠤᠷᠠᠨ ᠲᠤᠰᠠᠯᠠᠬᠤ︾ ᠬᠤᠪᠢᠷᠠᠯᠲᠠ ᠶᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号