ᠵᠡᠭᠦᠨ ᠬᠠᠲᠠᠪᠴᠢ ᠪᠣᠭᠤᠮᠲᠠ 2023 ᠣᠨ ᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠬᠠᠷᠠᠯᠲᠠ ᠪᠠᠨ 4 ᠰᠠᠷ᠎ᠠ ᠶᠢᠨ ᠡᠮᠦᠨ᠎ᠡ ᠪᠡᠶᠡᠯᠡᠭᠦᠯᠪᠡ︕
ᠨᠡᠶᠢᠲᠡᠯᠡᠭᠰᠡᠨ ᠴᠠᠭ᠄
2023/9/4
      8 ᠰᠠᠷ᠎ᠠ  ᠶᠢᠨ 25᠎ ᠤ ᠡᠳᠦᠷ ᠰᠤᠷᠪᠤᠯᠵᠢᠯᠠᠭᠴᠢ ᠵᠡᠭᠦᠨ ᠬᠠᠳᠠᠪᠴᠢ ᠪᠣᠭᠤᠮᠲᠠ ᠳᠤ ᠨᠡᠭᠦᠷᠡᠰᠦ᠂ ᠴᠠᠶᠢᠷ ᠤᠨ ᠨᠠᠷᠢᠯᠢᠭ ᠬᠦᠳᠡᠷ ᠵᠡᠷᠭᠡ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠮᠠᠰᠢᠨ ᠲᠡᠷᠭᠡ ᠤᠯᠤᠰ ᠤᠨ ᠡᠭᠦᠳᠡ ᠪᠠᠷ ᠣᠷᠣᠵᠤ ᠢᠷᠡᠭᠰᠡᠨ ᠪᠥᠭᠡᠳ ᠲᠦᠷᠭᠡᠨ ᠢᠶᠠᠷ ᠪᠠᠶᠢᠴᠠᠭᠠᠯᠲᠠ ᠬᠢᠵᠦ ᠪᠣᠭᠤᠮᠲᠠ ᠪᠠᠷ ᠥᠩᠭᠡᠷᠡᠬᠦ ᠶᠢ ᠣᠯᠵᠤ ᠬᠠᠷᠠᠵᠠᠢ᠃ ᠮᠠᠰᠢᠨ ᠲᠡᠷᠭᠡ ᠨᠦᠭᠦᠳ ᠤᠨ ᠣᠷᠣᠵᠤ ᠢᠷᠡᠬᠦ ᠪᠠ ᠭᠠᠷᠴᠤ ᠶᠠᠪᠤᠬᠤ ᠶᠢ ᠳᠠᠭᠠᠯᠳᠤᠨ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠴᠦ 150 ᠲᠦᠮᠡᠨ ᠲᠣᠨ ᠢ ᠳᠠᠪᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠣᠨ ᠤ ᠬᠠᠷᠠᠯᠲᠠ ᠡᠭᠦᠷᠭᠡ ᠶᠢ ᠲᠦᠷᠪᠡᠨ ᠰᠠᠷ᠎ᠠ ᠤᠷᠢᠳᠴᠢᠯᠠᠨ ᠪᠡᠶᠡᠯᠡᠭᠦᠯᠪᠠ᠃      ᠡᠨᠡ ᠵᠢᠯ ᠠᠴᠠ ᠨᠠᠰᠢ᠂ ᠵᠡᠭᠦᠨ ᠬᠠᠲᠠᠪᠴᠢ ᠪᠣᠭᠤᠮᠲᠠ ︽ᠲᠠᠪᠤᠨ ᠶᠡᠭᠡ ᠡᠭᠦᠷᠭᠡ︾᠎ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ᠂ ᠣᠶᠤᠨᠲᠤ ᠪᠣᠭᠤᠮᠲᠠ ᠵᠢᠴᠢ ᠪᠠᠷᠠᠭᠠᠨ ᠤ ᠲᠡᠭᠡᠭᠡᠪᠦᠷᠢ ᠶᠢᠨ H986 ᠵᠡᠷᠭᠡ ᠪᠣᠭᠤᠮᠲᠠ ᠶᠢᠨ ᠴᠢᠬᠤᠯᠠ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠰᠠᠭᠤᠷᠢ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠪᠣᠭᠤᠮᠲᠠ ᠶᠢᠨ ᠭᠤᠣᠯᠯᠠᠬᠤ ᠴᠢᠳᠠᠪᠤᠷᠢ ᠪᠠ ᠪᠣᠭᠤᠮᠲᠠ ᠪᠠᠷ ᠥᠩᠭᠡᠷᠡᠬᠦ ᠪᠠᠷᠠᠭᠠᠨ ᠤ ᠦᠢᠯᠡᠳᠦᠯ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠷ᠎ᠡ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠲᠤᠷᠠᠨ ᠪᠠᠶᠢᠴᠠᠭᠠᠬᠤ ᠨᠢᠭᠡᠴᠡ ᠲᠠᠢ ᠬᠦᠴᠦ ᠪᠠᠨ ᠬᠠᠮᠲᠤᠳᠬᠠᠨ ᠬᠠᠮᠵᠢᠯᠴᠠᠵᠤ᠂ ᠪᠣᠭᠤᠮᠲᠠ ᠪᠠᠷ ᠥᠩᠭᠡᠷᠡᠬᠦ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠳᠥᠭᠦᠮ ᠳᠥᠲᠡ᠂ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠲᠡᠦᠬᠡ ᠶᠢᠨ ᠬᠠᠮᠤᠭ ᠤᠨ ᠥᠨᠳᠥᠷ ᠬᠡᠮᠵᠢᠭᠳᠡᠯ ᠠᠴᠠ ᠳᠠᠪᠠᠵᠤ᠂ ᠵᠢᠯ ᠤᠨ ᠳᠣᠲᠣᠷ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠬᠡᠮᠵᠢᠶ᠎ᠡ 300 ᠲᠦᠮᠡᠨ ᠲᠣᠨ ᠬᠦᠷᠬᠦ ᠶᠢ ᠪᠡᠶᠡᠯᠡᠭᠦᠯᠬᠦ ᠪᠠᠷ ᠴᠢᠷᠮᠠᠶᠢᠪᠡ᠃      8 ᠰᠠᠷ᠎ᠠ ᠶᠢᠨ 25᠎ ᠤ ᠡᠳᠦᠷ ᠪᠣᠯᠲᠠᠯ᠎ᠠ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 150.97 ᠲᠦᠮᠡᠨ ᠲᠣᠨ ︵ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 148.89 ᠲᠦᠮᠡᠨ ᠲᠣᠨ᠂ ᠭᠠᠳᠠᠭᠠᠳᠤ ᠳᠤ ᠭᠠᠷᠭᠠᠭᠰᠠᠨ ᠪᠠᠷᠠᠭ᠎ᠠ 2.08 ᠲᠦᠮᠡᠨ ᠲᠣᠨ︶ ᠬᠦᠷᠴᠦ᠂ ᠬᠢᠵᠢᠭ ᠤᠨ ᠪᠠᠶᠢᠳᠠᠯ ᠠᠴᠠ ᠡᠮᠦᠨᠡᠬᠢ 2019 ᠣᠨ ᠤ ᠠᠳᠠᠯᠢ ᠬᠤᠭᠤᠴᠠᠭᠠᠨ ᠤ ᠬᠢ ᠠᠴᠠ 106.8%᠎ ᠪᠠᠷ ᠨᠡᠮᠡᠭᠳᠡᠪᠡ᠃      ᠳᠠᠷᠠᠭᠠᠴᠢ ᠶᠢᠨ ᠠᠯᠬᠤᠮ ᠳᠤ᠂ ᠵᠡᠭᠦᠨ ᠬᠠᠲᠠᠪᠴᠢ ᠪᠣᠭᠤᠮᠲᠠ ᠦᠷᠭᠦᠯᠵᠢᠯᠡᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠴᠢᠬᠤᠯᠠ ᠦᠢᠯᠡᠳᠦᠯ ᠢᠶᠠᠨ ᠪᠠᠳᠠᠷᠠᠭᠤᠯᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠶᠢ ᠪᠠᠷᠢᠮᠲᠠᠯᠠᠵᠤ᠂ ᠳᠣᠲᠣᠭᠠᠳᠤ ᠭᠠᠳᠠᠭᠠᠳᠤ ᠶᠢ ᠬᠤᠯᠪᠣᠬᠤ᠂ ᠡᠷᠬᠢᠨ ᠲᠣᠭᠤᠷᠢᠨ ᠢ ᠨᠥᠯᠥᠭᠡᠯᠡᠬᠦ᠂ ᠡᠬᠢ ᠪᠠᠶᠠᠯᠢᠭ ᠢ ᠬᠤᠷᠠᠮᠳᠤᠭᠤᠯᠤᠨ ᠲᠥᠪᠯᠡᠷᠡᠭᠦᠯᠵᠦ ᠲᠠᠷᠬᠠᠭᠠᠬᠤ ᠪᠦᠬᠦ ᠣᠷᠣᠨ ᠪᠦᠰᠡ ᠶᠢᠨ ᠨᠡᠭᠡᠭᠡᠯᠲᠡ ᠬᠢᠬᠦ ᠲᠠᠪᠴᠠᠩ ᠢ ᠪᠣᠳᠣᠯᠬᠢᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠥᠷᠨᠢᠭᠦᠯᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠦᠷᠦᠯ ᠵᠦᠢᠯ ᠢ ᠦᠷᠭᠦᠯᠵᠢᠯᠡᠨ ᠪᠠᠶᠠᠯᠢᠭᠵᠢᠭᠤᠯᠵᠤ᠂ ᠪᠣᠭᠤᠮᠲᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠦᠰᠦᠷᠦᠩᠭᠦᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号