ᠰᠢ ᠶᠢᠨ ᠫᠢᠩ ᠶᠡᠷᠦᠩᠬᠡᠢ ᠱᠦᠵᠢ ᠶᠢᠨ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠢ | ᠥᠷᠨᠢᠭᠦᠯᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 16 ᠤ ᠡᠳᠦᠷ᠂ ᠰᠢᠯᠢ ᠶᠢᠨ ᠭᠤᠣᠯ ᠠᠶᠢᠮᠠᠭ ᠤᠨ ︽ | ᠤᠯᠠᠭᠠᠨ ᠪᠣᠭᠴᠣ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠩᠭᠢ ᠶᠢᠨ ᠬᠢᠨ | ᠮᠠᠨ ᠤ ᠬᠤᠰᠢᠭᠤᠨ ᠤ ᠡᠵᠢᠨᠠᠭᠤᠷ ᠪᠠᠯᠭᠠᠰᠤᠨ ᠤ ᠪᠦᠯᠬᠦᠮᠳᠡᠯ ᠭᠠᠴᠠᠭᠠᠨ ᠳᠤ ᠬᠦᠷᠴᠦ ᠤᠬᠠᠭᠤᠯᠤᠨ ᠲᠠᠶᠢᠯᠪᠤᠷᠢᠯᠠᠬᠤ | ᠦᠢᠯᠡᠴᠢᠯᠡᠭᠡ ᠥᠷᠨᠢᠭᠦᠯᠵᠦ᠂ ᠨᠠᠮ ᠤᠨ ᠳᠠᠭᠤ ᠬᠤᠭᠤᠯᠠᠢ ᠶᠢ ᠲᠠᠯ᠎ᠠ ᠨᠤᠲᠤᠭ ᠤᠨ ᠭᠦᠨ ᠳᠤ ᠳᠠᠭᠤᠷᠢᠰᠬᠠᠯᠠ᠃ | ᠨᠠᠮ ᠤᠨ ᠭᠡᠰᠢᠭᠦᠨ ᠭᠤᠣᠯᠯᠠᠬᠤ ᠡᠷᠦᠬᠡ ᠪᠤᠶᠠᠨᠬᠡᠰᠢᠭ ᠤᠨ ᠮᠣᠩᠭᠤᠯ ᠭᠡᠷ ᠲᠤ᠂ ︽ᠤᠯᠠᠭᠠᠨ ᠪᠣᠭᠴᠣ︾ | ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠩᠭᠢ ᠶᠢᠨ ᠭᠡᠰᠢᠭᠦᠨ ᠮᠦ ᠰᠢᠩ ᠸᠠᠩ ᠠᠴᠠ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠮᠵᠢᠲᠠᠢ ᠲᠠᠶᠢᠯᠪᠤᠷᠢᠯᠠᠪᠠ᠃ ᠡᠭᠦᠨ ᠤ | ᠬᠠᠮᠲᠤ᠂ ᠪᠤᠶᠠᠨᠬᠡᠰᠢᠭ ᠪᠠᠰᠠ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ ᠮᠠᠯ ᠠᠵᠤ | ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠲᠠᠯ᠎ᠠ ᠵᠡᠷᠭᠡ ᠶᠢᠨ ᠮᠡᠳᠡᠯᠭᠡ ᠶᠢ ᠲᠠᠶᠢᠯᠪᠤᠷᠢᠯᠠᠨ ᠶᠠᠷᠢᠵᠤ | ᠂ ᠥᠷᠭᠡᠨ ᠣᠯᠠᠨ ᠮᠠᠯᠴᠢᠨ ᠲᠦᠮᠡᠨ ᠳᠤ ᠦᠵᠡᠯ ᠰᠠᠨᠠᠭᠠᠨ ᠤ ᠵᠢᠯᠣᠭᠤᠳᠤᠯᠭ᠎ᠠ ᠬᠠᠩᠭᠠᠵᠤ᠂ ᠲᠡᠳᠡᠨ ᠤ | ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠠᠪᠰᠤᠷᠤᠨ | ᠰᠢᠢᠳᠪᠦᠷᠢᠯᠡᠵᠦ ᠥᠭᠭᠦᠭᠰᠡᠨ ᠪᠠᠶᠢᠨ᠎ᠠ᠃ | ︽ᠤᠯᠠᠭᠠᠨ ᠪᠣᠭᠴᠣ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠩᠭᠢ ᠶᠢᠨ | ᠬᠢᠨ ᠤ ᠶᠠᠷᠢᠭᠰᠠᠨ ᠣᠨᠣᠯ ᠲᠥᠷᠥ ᠶᠢᠨ ᠪᠣᠳᠣᠯᠭ᠎ᠠ ᠪᠣᠯ ᠣᠷᠭᠢᠯᠤᠮ᠎ᠠ ᠬᠠᠯᠠᠭᠤᠨ᠂ ᠠᠮᠢᠵᠢᠷᠠᠯ ᠤᠨ ᠬᠦᠴᠦᠨᠲ᠋ᠡᠶ | ᠤᠬᠠᠭᠤᠯᠤᠨ ᠲᠠᠶᠢᠯᠪᠤᠷᠢᠯᠠᠯᠲᠠ ᠪᠣᠯᠣᠨ᠎ᠠ᠃ ᠬᠡᠯᠪᠡᠷᠢ ᠨᠢ ᠰᠢᠨ᠎ᠡ ᠰᠡᠪᠡᠭᠦᠨ᠂ ᠠᠴᠢᠶᠠᠯᠠᠪᠤᠷᠢ ᠨᠢ ᠪᠠᠶᠠᠯᠢᠭ ᠪᠠᠶᠢᠵᠤ᠂ | ᠬᠢᠴᠢᠶᠡᠯ ᠤᠨ ᠲᠠᠩᠬᠢᠮ ᠢ ᠮᠣᠩᠭᠤᠯ ᠭᠡᠷ ᠲᠤ ᠦᠨᠡᠨ ᠬᠦ ᠨᠡᠭᠦᠯᠭᠡᠨ ᠠᠪᠴᠢᠷᠠᠵᠤ᠂ ᠦᠢᠯᠡᠴᠢᠯᠡᠭᠡ ᠶᠢ ᠮᠠᠯᠴᠢᠳ ᠤᠨ | ᠳᠡᠷᠭᠡᠳᠡ ᠬᠦᠷᠭᠡᠭᠰᠡᠨ ᠨᠢ ᠮᠠᠯᠴᠢᠳ ᠢ ᠬᠠᠪᠰᠤᠷᠤᠨ ᠡᠳᠦᠷ ᠲᠤᠲᠤᠮ ᠤᠨ ᠲᠡᠵᠢᠭᠡᠨ ᠦᠷᠡᠵᠢᠭᠦᠯᠬᠦ ᠶᠠᠪᠤᠴᠠ ᠳᠤ | ᠢᠯᠡᠷᠡᠭᠰᠡᠨ ᠮᠡᠷᠭᠡᠵᠢᠯ ᠤᠨ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ᠂ ᠮᠠᠯᠴᠢᠳ ᠤᠨ | ᠬᠠᠷᠠᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠣᠨᠣᠯ ᠲᠥᠷᠥ ᠶᠢᠨ ᠪᠣᠳᠣᠯᠭ᠎ᠠ ᠶᠢᠨ ᠦᠨᠳᠦᠰᠦᠨ ᠱᠠᠲᠤᠨ ᠤ | ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠡᠢ᠃ |