ᠲᠠᠯ᠎ᠠ ᠶᠢᠨ ᠪᠡᠯᠴᠢᠭᠡᠷ ᠬᠠᠯᠢᠭᠤᠷᠠᠵᠦ᠂ ᠲᠠᠷᠠᠭ ᠠᠶᠢᠷᠠᠭ ᠦᠳᠬᠡᠷᠡᠵᠦ᠂ ᠲᠠᠪᠤᠨ ᠬᠤᠰᠢᠭᠤ ᠮᠠᠯ ᠰᠦᠷᠦᠭ | ᠲᠠᠷᠭᠤ ᠬᠦᠴᠦ ᠪᠠᠨ ᠠᠪᠴᠦ ᠪᠠᠶᠢᠭ᠎ᠠ ᠠᠯᠳᠠᠨ ᠨᠠᠮᠤᠷ ᠤᠨ 8 ᠰᠠᠷ᠎ᠠ ᠶᠢᠨ19 ᠤ ᠤᠷᠤᠢ᠂ ᠬᠦᠯᠦᠨ ᠪᠤᠶᠢᠷ | ᠬᠤᠳᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠦ᠋ᠴᠢᠷ ᠤᠨ ᠵᠠᠯᠠᠭᠤ ᠲᠠᠭᠤᠴᠢᠨ ᠨᠠᠰᠤᠨᠪᠦ᠋ᠬᠡ ᠶᠢᠨ ︽ | ᠮᠤᠷᠢᠨ ᠬᠤᠭᠤᠷ ᠤᠨ ᠠᠶᠠᠯᠭᠤ ᠰᠢᠭ ᠡᠬᠡ ᠤᠷᠤᠨ︾ ᠤᠷᠠᠨ ᠪᠦᠳᠦᠭᠡᠯ ᠤᠨ ᠠᠶᠠᠯᠠᠨ ᠲᠤᠭᠯᠠᠯᠳᠠ ᠶᠢᠨ | ᠭᠤᠷᠪᠠᠳᠡᠬᠢ ᠲᠠᠯᠠᠪᠠᠢ ᠵᠡᠭᠦᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠤᠨ ᠲᠤᠭᠯᠠᠯᠳᠠ ᠶᠢᠨ ᠲᠢᠩᠬᠢᠮ ᠳᠤ | ᠬᠤᠷᠠᠭᠰᠠᠨ ᠤᠯᠠᠨ ᠢᠶᠠᠨ ᠪᠠᠶᠠᠰᠬᠠᠨ ᠨᠢᠵᠢᠭᠡᠷ ᠶᠠᠪᠤᠭᠳᠠᠯ᠎ᠠ᠃ | ᠲᠣᠭᠯᠠᠯᠳᠠ ᠨᠢ ᠠᠯᠳᠠᠷᠳᠦ ᠮᠤᠷᠢᠨ ᠬᠤᠭᠤᠷᠴᠢᠨ ᠰᠤᠶᠤᠯᠭᠡᠷᠡᠯ ᠪᠠᠭᠰᠢ ᠶᠢᠨ ᠰᠤᠩᠭᠤᠳᠠᠭ ᠪᠦᠳᠦᠭᠡᠯ ︽ | ᠤᠡᠭᠭᠤᠨ ᠰᠠᠭᠠᠷᠠᠯ︾ ᠢᠶᠠᠷ ᠬᠦᠰᠢᠭᠡ ᠪᠠᠨ ᠰᠡᠬᠦᠵᠦ᠂ ᠵᠠᠯᠠᠭᠤ ᠲᠠᠭᠤᠴᠢᠨ ᠨᠠᠰᠤᠨᠪᠦ᠋ᠬᠡ ᠠᠴᠠ ︽ᠮᠢᠨᠤ ᠪᠠᠷᠭᠤ ᠶᠢᠨ | ᠨᠤᠳᠤᠭ︾᠂ ︽ᠠᠪᠤ ᠶᠢᠨ ᠨᠠᠮᠤᠷ︾᠂ ︽ᠮᠤᠷᠢᠨ ᠬᠤᠭᠤᠷ ᠤᠨ ᠠᠶᠠᠯᠭᠤ ᠰᠢᠭ ᠡᠬᠡ ᠤᠷᠤᠨ︾ ᠵᠡᠷᠭᠡ | ᠲᠠᠭᠤᠤ ᠪᠠᠨ ᠡᠷᠭᠦᠵᠦ ᠦᠵᠡᠭᠴᠢ ᠲᠦᠮᠡᠨ ᠢᠶᠠᠨ ᠪᠠᠶᠠᠰᠬᠠᠭᠰᠠᠨ ᠪᠤᠯ ᠮᠠᠨ ᠤ ᠬᠤᠰᠢᠭᠤᠨ ᠤ ᠤᠯᠠᠭᠠᠨᠮᠦ᠋ᠴᠢᠷ ᠤᠨ | ᠵᠠᠯᠠᠭᠤ ᠲᠠᠭᠤᠴᠢᠨ ᠨᠠᠰᠤᠨᠮᠦᠩᠭᠡ᠂ ᠪᠦᠬᠡᠴᠢᠯᠠᠭᠤ᠂ ᠲᠡᠭᠰᠢᠪᠠᠶᠠᠷ ᠨᠠᠷ ᠠᠴᠠ ︽ᠬᠦᠷᠡᠩ ᠤᠨ ᠤᠨᠠᠭ᠎ᠠ︾᠂ ︽ | ᠨᠤᠳᠤᠭ︾ ᠵᠡᠷᠭᠡ ᠰᠤᠨᠤᠰᠤᠭᠴᠢᠳ ᠤᠨ ᠰᠡᠳᠬᠢᠯ ᠳᠤ ᠬᠤᠨᠤᠭᠰᠢᠭᠰᠠᠨ ᠰᠤᠳᠤᠨ ᠪᠦᠳᠦᠭᠡᠯ ᠤᠳ ᠢᠶᠠᠨ ᠲᠠᠭᠤᠯᠠᠨ | ᠰᠤᠨᠤᠷᠳᠠᠭᠤᠯᠵᠠᠢ᠃ | ᠲᠤᠭᠯᠠᠯᠳᠠ ᠶᠢᠨ ᠲᠤᠬᠠᠢ ᠶᠢᠨ ᠲᠠᠯᠠᠪᠠᠢ ᠳᠤ ᠦᠪᠦᠷ ᠮᠤᠩᠭᠤᠯ ᠤᠷᠤᠨ ᠤ ᠮᠠᠨᠢ ᠵᠠᠯᠠᠭᠤ ᠰᠤᠳᠤᠨ ᠲᠠᠭᠤᠴᠢᠨ | ᠰᠦᠮᠪᠤᠷ᠂ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠦ᠋ᠴᠢᠷ ᠤᠨ ᠲᠠᠭᠤᠴᠢᠨ ᠰᠠᠷᠠᠨ᠎ᠠ᠂ ᠮᠠᠨ ᠤ ᠬᠤᠰᠢᠭᠤᠨ ᠤ | ᠵᠠᠯᠠᠭᠤ ᠲᠠᠭᠤᠴᠢᠨ ᠴᠢᠯᠠᠭᠤᠨᠪᠠᠭᠠᠳᠤᠷ ᠨᠠᠷ ᠠᠴᠠ ᠠᠶᠠᠯᠭᠤ ᠲᠠᠭᠤᠤ ᠪᠠᠨ ᠡᠷᠭᠦᠨ ᠪᠠᠷᠢᠵᠦ᠂ ᠦᠵᠡᠭᠴᠢᠳ ᠤᠨ | ᠬᠠᠯᠠᠭᠤᠨ ᠠᠯᠠᠭ᠎ᠠ ᠲᠠᠰᠢᠯᠳᠠ ᠤᠬᠠᠶᠢᠯᠠᠯᠳᠠ ᠶᠢ ᠤᠯᠵᠦ ᠪᠠᠶᠢᠯ᠎ᠠ᠃ | ᠨᠠᠰᠤᠪᠦ᠋ᠬᠡ ᠶᠢᠨ ᠬᠤᠪᠢᠨ ᠳᠤ ᠲᠤᠰ ᠤᠳᠠᠭᠠᠨ ᠤ ᠲᠤᠭᠯᠠᠯᠳᠠ ᠳᠤ ᠪᠠᠨ ᠨᠠᠮ᠂ ᠤᠯᠤᠰ ᠤᠷᠤᠨ᠂ ᠨᠤᠳᠤᠭ | ᠤᠰᠤ᠂ ᠠᠪᠤ ᠡᠵᠢ ᠶᠢᠨ ᠲᠤᠬᠠᠢ ᠤᠯᠠᠨ ᠰᠠᠶᠢᠬᠠᠨ ᠲᠠᠭᠤᠤ ᠪᠠᠨ ᠡᠷᠭᠦᠨ ᠪᠠᠷᠢᠵᠦ ᠦᠵᠦᠮᠦᠴᠢᠨ ᠨᠤᠳᠤᠭ ᠤᠨ | ᠠᠷᠠᠳ ᠲᠦᠮᠡᠨ ᠢᠶᠠᠨ ᠪᠠᠶᠠᠰᠬᠠᠯ᠎ᠠ᠃ ᠮᠦᠨᠴᠦ ᠬᠤᠰᠢᠭᠤ ᠤᠯᠠᠭᠠᠨᠮᠦ᠋ᠴᠢᠷ ᠪᠤᠯᠤᠨ ᠠᠨᠳᠠ ᠨᠦᠬᠦᠳ ᠠᠴᠠ ᠨᠢ | ᠠᠶᠠᠯᠠᠨ ᠲᠤᠭᠯᠠᠯᠳᠠ ᠳᠤ ᠨᠢ ᠤᠷᠮ᠎ᠠ ᠬᠠᠶᠢᠷᠠᠯᠠᠵᠦ ᠰᠡᠳᠬᠢᠯ ᠤᠨ ᠪᠡᠯᠡᠭ ᠭᠠᠷᠳᠠᠭᠤᠯᠤᠭᠰᠠᠨ ᠪᠠᠶᠢᠨ᠎ᠠ᠃ | ᠵᠡᠭᠦᠨ ᠦᠵᠦᠮᠦᠴᠢᠨ᠂ ᠬᠦᠯᠦᠨ ᠪᠦᠢᠷ ᠬᠤᠶᠠᠷ ᠨᠤᠲᠤᠭ ᠮᠠᠨᠢ ᠠᠭᠤᠯᠠ ᠲᠠᠯ᠎ᠠ ᠨᠢ ᠬᠤᠷᠮᠣᠢ ᠪᠠᠷ ᠢᠶᠠᠨ | ᠵᠠᠯᠭᠠᠯᠳᠣᠵᠦ᠂ ᠭᠤᠤᠯ ᠭᠤᠷᠤᠬ᠎ᠠ ᠨᠢ ᠣᠷᠣᠰᠬᠠᠯ ᠢᠶᠠᠷ ᠢᠶᠠᠨ ᠨᠡᠶᠢᠯᠡᠯᠳᠦᠭᠰᠡᠨ ᠬᠠᠶᠠᠭ᠎ᠠ ᠬᠠᠶᠠᠭ᠎ᠠ ᠪᠠᠨ ᠲᠡᠷᠡᠯᠡᠭᠰᠡᠨ | ᠰᠠᠶᠢᠬᠠᠨ ᠨᠤᠳᠤᠭ᠂ ᠮᠦᠨᠴᠦ ᠬᠤᠶᠠᠷ ᠤᠷᠤᠨ ᠤ ᠠᠷᠠᠳ ᠲᠦᠮᠡᠨ ᠦᠨᠢ ᠣᠳᠠᠭᠠᠨ ᠣᠯᠠᠮᠵᠢᠯᠠᠯᠳᠦ ᠨᠦᠬᠦᠷᠰᠡᠭ | ᠬᠠᠷᠢᠴᠠᠭ᠎ᠠ ᠲᠠᠢ ᠪᠠᠶᠢᠳᠠᠭ ᠪᠦᠭᠡᠳ ᠬᠤᠶᠠᠷ ᠭᠠᠵᠠᠷ ᠤᠷᠤᠨ ᠤ ᠰᠣᠶᠣᠯ᠂ ᠠᠷᠠᠳ ᠤᠨ ᠠᠮᠢᠳᠤᠷᠠᠯ ᠴᠤ ᠢᠵᠢᠯᠢᠬᠡᠨ | ᠪᠠᠶᠢᠳᠠᠭ ᠪᠢᠯᠡ᠃ ᠲᠤᠰ ᠤᠳᠠᠭᠠᠨ ᠤ ᠠᠶᠠᠯᠠᠨ ᠲᠤᠭᠯᠠᠯᠳᠠ ᠨᠢ ᠵᠡᠭᠦᠨ ᠦᠵᠦᠮᠦᠴᠢᠨ ᠬᠤᠰᠢᠭᠤᠨ ᠤ | ᠤᠯᠠᠭᠠᠨᠮᠦ᠋ᠴᠢᠷ᠂ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠦ᠋ᠴᠢᠷ ᠤᠨ ᠬᠠᠮᠳᠤᠷᠠᠭᠰᠠᠨ ᠦᠢᠯᠡ ᠠᠵᠢᠯᠯᠠᠭ᠎ᠠ | ᠪᠠᠶᠢᠵᠦ᠂ ᠬᠤᠶᠠᠷ ᠭᠠᠵᠠᠷ ᠤᠷᠤᠨ ᠤ ᠤᠯᠠᠭᠠᠨᠮᠦ᠋ᠴᠢᠷ ᠤᠨ ᠰᠤᠯᠢᠯᠴᠠᠭ᠎ᠠ᠂ ᠬᠠᠮᠳᠤᠷᠠᠯᠴᠠᠭ᠎ᠠ᠂ ᠰᠤᠷᠤᠯᠴᠠᠯᠭ᠎ᠠ ᠳᠤ | ᠤᠯᠠᠮ ᠨᠢᠭᠡ ᠠᠯᠬᠤᠮ ᠤᠨ ᠠᠬᠢᠭᠤᠯᠬᠤ ᠦᠢᠯᠡᠳᠤᠯ ᠦᠵᠡᠭᠦᠯᠬᠦ ᠨᠢ ᠯᠠᠪᠳᠠᠢ ᠶᠤᠮ ᠡ᠃ |