ᠬᠤᠰᠢᠭᠤ ᠬᠠᠮ ᠵᠠᠭᠤᠴᠢᠯᠠᠭᠤᠷ ᠤᠨ ᠲᠥᠪ ︽ᠳᠥᠷᠪᠡᠨ ᠴᠢᠳᠠᠪᠣᠷᠢ︾ ᠶᠢ ᠳᠡᠭᠡᠭᠰᠢᠯᠡᠭᠦᠯᠬᠦ ᠲᠤᠰᠬᠠᠢ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/9/4
      ᠮᠠᠨ ᠤ ᠬᠤᠰᠢᠭᠤᠨ ᠤ ᠰᠣᠷᠪᠤᠯᠵᠢᠯᠠᠭᠴᠢ᠂ ᠨᠠᠶᠢᠷᠠᠯᠠᠭᠤᠯᠤᠭᠴᠢ᠂ ᠨᠡᠪᠲᠡᠷᠡᠭᠦᠯᠦᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠦᠭᠡ᠂ ᠰᠣᠨᠢᠨ ᠮᠡᠳᠡᠭᠡᠨ ᠤ ᠹᠷᠣᠨᠲ ᠤᠨ ᠬᠢᠨ ᠤ ︽ᠳᠥᠷᠪᠡᠨ ᠴᠢᠳᠠᠪᠤᠷᠢ︾ ᠶᠢ ᠴᠢᠩᠭᠠᠳᠬᠠᠬᠤ ᠬᠥᠮᠦᠵᠢᠯ ᠦᠢᠯᠡᠳᠦᠯᠭᠡ ᠶᠢᠨ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ 8 ᠰᠠᠷ᠎ᠠ ᠶᠢᠨ 21 ᠤ ᠡᠳᠦᠷ᠂ ᠬᠤᠰᠢᠭᠤ ᠬᠠᠮ ᠵᠠᠭᠤᠴᠢᠯᠠᠭᠤᠷ ᠤᠨ ᠲᠥᠪ ︽ᠳᠥᠷᠪᠡᠨ ᠴᠢᠳᠠᠪᠤᠷᠢ︾ ᠶᠢ ᠳᠡᠭᠡᠭᠰᠢᠯᠡᠭᠦᠯᠬᠦ ᠲᠤᠰᠬᠠᠢ ᠪᠣᠯᠪᠠᠰᠤᠷᠠᠯ ᠡᠷᠬᠢᠯᠡᠪᠡ᠃      ᠬᠤᠰᠢᠭᠤ ᠬᠠᠮ ᠵᠠᠭᠤᠴᠢᠯᠠᠭᠤᠷ ᠤᠨ ᠲᠥᠪ ᠤᠨ  ᠪᠦᠬᠦ ᠺᠠᠲᠠᠷ ᠠᠵᠢᠯᠲᠠᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃      ᠪᠣᠯᠪᠠᠰᠤᠷᠠᠯ ᠳᠤ᠂ ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ ᠨᠡᠪᠲᠡᠷᠡᠭᠦᠯᠦᠭᠴᠢ᠂ ᠲᠤᠰᠬᠠᠢ ᠰᠡᠳᠦᠪ ᠤᠨ ᠬᠡᠯᠲᠡᠰ ᠤᠨ ᠡᠷᠬᠢᠯᠡᠭᠴᠢ ᠶᠠᠩ ᠯᠧ ᠪᠣᠯᠣᠨ ᠬᠢᠲᠠᠳ ᠬᠡᠯᠡᠨ ᠤ ᠨᠠᠶᠢᠷᠠᠭᠤᠯᠬᠤ ᠬᠡᠯᠲᠡᠰ ᠤᠨ ᠡᠷᠬᠢᠯᠡᠭᠴᠢ ᠭᠠᠢ ᠸᠧᠨ ᠶᠢᠩ ᠲᠣᠰ ᠲᠣᠰ ᠬᠢᠴᠢᠶᠡᠯ ᠣᠷᠣᠪᠠ᠃ ᠶᠠᠩ ᠯᠧ ᠠᠴᠠ ︽ᠡᠳᠦᠷ ᠲᠤᠲᠤᠮ ᠤᠨ ᠰᠣᠷᠪᠤᠯᠵᠢᠯᠠᠭ᠎ᠠ ᠪᠠ ᠡᠬᠡ ᠪᠢᠴᠢᠭ ᠨᠡᠶᠢᠲᠡᠯᠡᠬᠦ ᠠᠵᠢᠯ ᠤᠨ ᠳᠤᠮᠳᠠᠬᠢ ᠠᠩᠬᠠᠷᠬᠤ ᠵᠦᠢᠯ ᠤᠨ ᠲᠤᠬᠠᠢ ᠳᠥᠭᠦᠮ ᠥᠭᠦᠯᠡᠬᠦ ᠨᠢ︾ ᠭᠡᠬᠦ ᠰᠡᠳᠦᠪ ᠢᠶᠠᠷ᠂ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠳᠦᠷ ᠲᠤᠲᠤᠮ ᠤᠨ ᠠᠵᠢᠯ ᠤᠨ ᠳᠤᠮᠳᠠ ᠪᠠᠨ ᠬᠡᠷᠬᠢᠨ ᠭᠦᠨᠴᠡ ᠲᠠᠢ᠂ ᠣᠳᠬ᠎ᠠ ᠠᠭᠤᠯᠭ᠎ᠠ ᠲᠠᠢ ᠰᠣᠷᠪᠤᠯᠵᠢᠯᠠᠭ᠎ᠠ ᠬᠢᠬᠦ ᠶᠢ ᠣᠯᠠᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ ᠥᠭᠬᠦ ᠶᠢᠨ ᠬᠠᠮᠲᠤ ᠥᠪᠡᠷ ᠤᠨ ᠣᠯᠠᠨ ᠵᠢᠯ ᠤᠨ ᠲᠤᠷᠰᠢᠬᠢ ᠰᠠᠶᠢᠨ ᠰᠠᠶᠢᠬᠠᠨ ᠠᠵᠢᠯ ᠤᠨ ᠳᠠᠳᠬᠠᠯ ᠪᠣᠯᠣᠨ ᠲᠤᠷᠰᠢᠯᠭ᠎ᠠ ᠪᠠᠨ  ᠬᠤᠪᠢᠶᠠᠯᠴᠠᠪᠠ᠃  ᠭᠠᠢ ᠸᠧᠨ ᠶᠢᠩ ᠠᠴᠠ ︽︿ ᠰᠣᠷᠣᠯᠴᠠᠯᠭ᠎ᠠ ᠶᠢᠨ ᠬᠦᠴᠦᠷᠬᠡᠭ ᠤᠯᠤᠰ ﹀ ᠲᠠᠪᠴᠠᠩ ᠤᠨ ᠡᠬᠡ ᠪᠢᠴᠢᠭ ᠬᠠᠩᠭᠠᠬᠤ ᠱᠠᠭᠠᠷᠳᠠᠯᠭ᠎ᠠ︾ ᠭᠡᠬᠦ ᠰᠡᠳᠦᠪ ᠢᠶᠠᠷ᠂ ᠣᠯᠠᠨ ᠳᠤ ᠵᠢᠷᠤᠭ ᠪᠢᠴᠢᠭ᠂ ᠸᠢᠳᠢᠤ᠋ ᠶᠢᠨ ᠲᠥᠷᠥᠯ ᠵᠡᠷᠭᠡ ᠶᠢ ︽ᠰᠣᠷᠣᠯᠴᠠᠯᠭ᠎ᠠ ᠶᠢᠨ ᠬᠦᠴᠦᠷᠬᠡᠭ ᠤᠯᠤᠰ︾ ᠲᠠᠪᠴᠠᠩ ᠲᠤ ᠳᠠᠮᠵᠢᠭᠤᠯᠬᠤ ᠱᠠᠭᠠᠷᠳᠠᠯᠭ᠎ᠠ ᠶᠢ ᠨᠠᠷᠢᠨ ᠲᠠᠶᠢᠯᠪᠤᠷᠢᠯᠠᠵᠦ ᠂ ᠡᠭᠦᠨ ᠤ ᠬᠠᠮᠲᠤ ᠬᠠᠷᠢᠴᠠᠭᠤᠯᠬᠤ ᠬᠡᠯᠪᠡᠷᠢ ᠪᠠᠷ ᠤᠯᠠᠨ ᠳᠤ ︽ᠰᠣᠷᠣᠯᠴᠠᠯᠭ᠎ᠠ ᠶᠢᠨ ᠬᠦᠴᠦᠷᠬᠡᠭ ᠤᠯᠤᠰ︾ ᠲᠠᠪᠴᠠᠩ ᠤᠨ ᠡᠬᠡ ᠪᠢᠴᠢᠭ ᠢ ᠰᠣᠩᠭᠤᠨ ᠬᠡᠷᠡᠭᠯᠡᠬᠦ ᠪᠠᠷᠢᠮᠵᠢᠶ᠎ᠠ ᠵᠢᠴᠢ ᠡᠬᠡ ᠪᠢᠴᠢᠭ ᠢ ᠳᠡᠭᠡᠭᠰᠢ ᠳᠠᠮᠵᠢᠭᠤᠯᠬᠤ ᠠᠵᠢᠯ ᠤᠨ ᠳᠤᠮᠳᠠᠬᠢ ᠠᠩᠬᠠᠷᠬᠤ ᠵᠦᠢᠯᠡᠰ ᠢ ᠲᠣᠳᠣᠷᠬᠠᠶᠢᠯᠠᠵᠤ᠂ ᠬᠤᠷᠠᠯ ᠳᠤ ᠣᠷᠣᠯᠴᠠᠭᠰᠠᠳ ᠲᠤ ᠲᠠᠪᠴᠠᠩ ᠤᠨ ᠬᠢᠨᠠᠨ ᠬᠠᠷᠭᠤᠭᠤᠯᠤᠯᠲᠠ ᠶᠢᠨ ᠭᠤᠣᠯᠳᠠᠯᠭ᠎ᠠ ᠪᠣᠯᠣᠨ ᠡᠬᠡ ᠪᠢᠴᠢᠭ ᠤᠨ  ᠱᠠᠭᠠᠷᠳᠠᠯᠭ᠎ᠠ ᠶᠢ ᠭᠦᠨᠵᠡᠭᠡᠢ ᠣᠶᠢᠯᠠᠭᠠᠭᠤᠯᠵᠤ᠂ ᠬᠤᠶᠢᠰᠢᠳᠠ ᠶᠢᠨ ᠠᠵᠢᠯ ᠤᠨ ᠭᠤᠣᠯᠳᠠᠯᠭ᠎ᠠ ᠪᠣᠯᠣᠨ ᠴᠢᠭᠯᠡᠯ ᠢ ᠲᠣᠳᠣᠷᠬᠠᠶᠢᠯᠠᠵᠠᠢ᠃      ᠳᠠᠷᠠᠭ᠎ᠠ ᠨᠢ᠂  ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠬᠡᠯᠲᠡᠰ ᠳᠠᠰᠤᠭ ᠤᠨ ᠤᠨ ᠺᠠᠳ᠋ᠷ ᠠᠴᠠ ᠥᠪᠡᠷ ᠥᠪᠡᠷ ᠤᠨ ᠬᠡᠯᠲᠡᠰ ᠲᠠᠰᠤᠭ ᠤᠨ ᠢᠶᠠᠨ ᠡᠳᠦᠷ ᠳᠤᠳᠤᠮ ᠤᠨ ᠠᠵᠢᠯ ᠤᠨ ᠶᠠᠪᠤᠴᠠ ᠵᠢᠴᠢ ᠪᠤᠰᠤᠳ ᠳᠠᠰᠤᠭ ᠬᠡᠯᠲᠡᠰ ᠤᠨ ᠬᠠᠮᠵᠢᠯᠴᠠᠭ᠎ᠠ ᠪᠠ ᠬᠤᠯᠪᠣᠭᠳᠠᠯ ᠪᠦᠬᠦᠢ ᠠᠩᠬᠠᠷᠬᠤ ᠵᠦᠢᠯ ᠢ ᠲᠤᠰ ᠲᠤᠰ ᠲᠠᠶᠢᠯᠪᠤᠷᠢᠯᠠᠵᠤ᠂ ᠬᠤᠶᠢᠰᠢᠳᠠ ᠠᠵᠢᠯ ᠢᠶᠠᠨ ᠥᠨᠳᠥᠷ ᠦᠷ᠎ᠡ ᠪᠦᠲᠦᠮᠵᠢ ᠲᠠᠢ ᠥᠷᠨᠢᠭᠦᠯᠬᠦ ᠳᠤ ᠰᠠᠶᠢᠨ ᠰᠠᠭᠤᠷᠢ ᠲᠠᠯᠪᠢᠵᠤ ᠥᠭᠴᠡᠢ᠃      ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠤᠯᠪᠠᠰᠣᠷᠠᠯ ᠨᠢ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠪᠦᠲᠦᠭᠡᠯᠴᠢ ᠴᠢᠨᠠᠷ ᠲᠠᠢ ᠪᠠᠶᠢᠵᠤ᠂ ᠠᠰᠠᠭᠤᠳᠠᠯ ᠤᠨ ᠤᠳᠤᠷᠢᠳᠤᠮᠵᠢ ᠶᠢ ᠲᠣᠪᠤᠶᠢᠯᠭᠠᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠰᠤᠷᠤᠯᠴᠠᠯᠭ᠎ᠠ ᠪᠠᠷ ᠳᠠᠮᠵᠢᠭᠤᠯᠤᠨ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠵᠢᠴᠢ ︽ᠳᠥᠷᠪᠡᠨ ᠴᠢᠳᠠᠪᠤᠷᠢ︾ ᠶᠢ ᠴᠢᠩᠭᠠᠷᠠᠭᠤᠯᠬᠤ ᠳᠤ ᠦᠵᠡᠭᠦᠯᠬᠦ ᠴᠢᠬᠤᠯᠠ ᠴᠢᠨᠠᠷ ᠢ ᠨᠠᠩ ᠭᠦᠢᠴᠡᠳ ᠲᠠᠨᠢᠵᠠᠢ᠃ ᠲᠤᠰ ᠤᠳᠠᠭ᠎ᠠ  ᠶᠢᠨ ᠪᠣᠯᠪᠠᠰᠤᠷᠠᠯ ᠳᠤ ᠰᠣᠷᠣᠭᠰᠠᠨ ᠮᠡᠳᠡᠯᠭᠡ ᠪᠠᠨ ᠰᠠᠶᠢᠲᠤᠷ ᠨᠠᠶᠢᠳᠠᠪᠦᠷᠢᠵᠢᠭᠤᠯᠤᠨ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠤᠯᠠᠨ ᠲᠦᠮᠡᠨ ᠢ ᠨᠡᠩ ᠰᠠᠶᠢᠲᠤᠷ ᠬᠥᠲᠥᠯᠥᠨ ᠵᠢᠯᠤᠭᠤᠳᠴᠤ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠨ᠎ᠡ ᠭᠡᠵᠡᠢ᠃      ᠲᠣᠰ ᠤᠳᠠᠭᠠᠨ ᠤ ᠪᠤᠯᠪᠠᠰᠣᠷᠠᠯ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠵᠤ᠂ ᠬᠠᠰᠢᠷ ᠲᠤᠷᠰᠢᠯᠭ᠎ᠠ ᠲᠠᠢ ᠰᠤᠷᠪᠤᠯᠵᠢᠯᠠᠭᠴᠢ ᠨᠠᠶᠢᠷᠠᠭᠤᠯᠤᠭᠴᠢ ᠶᠢ ᠲᠣᠬᠢᠷᠠᠭᠤᠯᠤᠨ ᠲᠣᠰ ᠲᠣᠰ ᠤᠨ ᠠᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢᠴᠢᠶᠡᠯ ᠣᠷᠣᠭᠤᠯᠵᠤ᠂ ᠣᠯᠠᠨ ᠲᠠᠢ ᠠᠵᠢᠯ ᠤᠨ ᠲᠤᠷᠰᠢᠯᠭ᠎ᠠ ᠪᠠᠨ ᠬᠤᠪᠢᠶᠠᠯᠴᠠᠬᠤ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号