ᠮᠠᠨ ᠤ ᠬᠤᠰᠢᠭᠤᠨ ᠤ ᠠᠩᠬᠠᠳᠠᠭᠴᠢ ᠪᠡᠶ᠎ᠡ ᠲᠠᠮᠢᠷ ᠤᠨ ᠴᠡᠴᠡᠷᠯᠢᠭ ᠠᠰᠢᠭᠯᠠᠯᠲᠠ ᠳᠤ ᠣᠷᠤᠪᠠ
ᠨᠡᠶᠢᠲᠡᠯᠡᠭᠰᠡᠨ ᠴᠠᠭ᠄
2023/9/5
      ᠪᠡᠶ᠎ᠡ ᠲᠠᠮᠢᠷ ᠤᠨ ᠴᠡᠴᠡᠷᠯᠢᠭ ᠨᠢ ᠨᠢᠭᠡ ᠬᠤᠲᠠ ᠶᠢᠨ ᠣᠯᠠᠨ ᠨᠡᠶᠢᠲᠡ ᠶᠢᠨ ᠨᠡᠭᠡᠭᠡᠯᠲᠡ ᠶᠢᠨ ᠭᠤᠣᠯ ᠣᠷᠣᠨ ᠵᠠᠢ ᠪᠣᠯᠤᠭᠰᠠᠨ ᠤ ᠬᠤᠪᠢ ᠳᠤ᠂ ᠨᠢᠭᠡ ᠬᠤᠲᠠ ᠶᠢᠨ ᠤᠯᠤᠰ ᠲᠥᠷᠥ᠂ ᠠᠵᠤ ᠠᠬᠤᠢ᠂ ᠰᠣᠶᠣᠯ᠂ ᠬᠡᠪ ᠨᠠᠮᠪᠠ ᠪᠠ ᠣᠶᠤᠨ ᠰᠠᠨᠠᠭᠠᠨ ᠤ ᠴᠤᠭ ᠰᠦᠯᠳᠡ ᠶᠢ ᠲᠥᠯᠥᠭᠡᠯᠡᠵᠦ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠵᠢᠭᠠᠯᠲᠠ ᠲᠤᠭ᠎ᠠ ᠪᠠ ᠠᠷᠠᠳ ᠣᠯᠠᠨ ᠤ ᠵᠣᠯ ᠵᠢᠷᠭᠠᠯ ᠤᠨ ᠰᠡᠳᠬᠢᠭᠳᠡᠯ ᠢ ᠳᠡᠭᠡᠭᠰᠢᠯᠡᠭᠦᠯᠬᠦ ᠴᠢᠬᠤᠯᠠ ᠨᠢᠭᠡ ᠭᠤᠭᠴᠤᠭ᠎ᠠ ᠪᠣᠯᠳᠠᠭ᠃ ᠣᠶᠢᠷ᠎ᠠ ᠳᠤ᠂ ᠮᠠᠨ ᠤ ᠬᠤᠰᠢᠭᠤᠨ ᠤ ᠪᠡᠶ᠎ᠡ ᠲᠠᠮᠢᠷ ᠤᠨ ᠴᠡᠴᠡᠷᠯᠢᠭ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠴᠢᠳᠠᠮᠵᠢ ᠶᠢ ᠴᠡᠴᠡᠷᠯᠢᠭ ᠲᠤ ᠠᠭᠤᠰᠬᠠᠨ ᠣᠷᠣᠭᠤᠯᠵᠤ᠂ ᠣᠯᠠᠨ ᠲᠦᠮᠡᠨ ᠤ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠠᠰᠠᠭᠤᠳᠠᠯ ᠢ ᠰᠢᠢᠳᠪᠦᠷᠢᠯᠡᠪᠡ᠃      ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠪᠡᠶ᠎ᠡ ᠲᠠᠮᠢᠷ ᠤᠨ ᠴᠡᠴᠡᠷᠯᠢᠭ ᠨᠢ ᠤᠯᠢᠶᠠᠰᠤᠲᠠᠢ ᠪᠠᠯᠭᠠᠰᠤᠨ ᠤ ᠡᠮᠦᠨ᠎ᠡ ᠲᠣᠭᠤᠷᠢᠯ ᠵᠠᠮ ᠤᠨ ᠡᠮᠦᠨ᠎ᠡ ᠲᠠᠯ᠎ᠠ᠂ ᠬᠠᠨ ᠣᠪᠤᠭ᠎ᠠ ᠵᠠᠮ ᠤᠨ ᠵᠡᠭᠦᠨ ᠲᠠᠯ᠎ᠠ ᠳᠤ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ ᠦᠵᠦᠮᠦᠴᠢᠨ ᠴᠡᠴᠡᠷᠯᠢᠭ ᠲᠠᠢ ᠤᠶᠢᠷᠠᠲᠤᠨ᠂  22327.76 ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 950 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ ᠂ ᠪᠡᠶ᠎ᠡ ᠲᠠᠮᠢᠷ ᠤᠨ ᠴᠡᠴᠡᠷᠯᠢᠭ ᠲᠤ 1 ᠬᠦᠷᠳᠦᠲᠦ ᠲᠡᠰᠢᠯᠲᠡ ᠶᠢᠨ ᠲᠠᠯᠠᠪᠤᠷ᠂ 6 ᠰᠠᠭᠰᠤᠨ ᠪᠥᠮᠪᠦᠭᠡ ᠶᠢᠨ ᠲᠠᠯᠠᠪᠤᠷ᠂ 7 ᠬᠥᠮᠥᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ ᠵᠢᠴᠢ 11 ᠬᠥᠮᠥᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ ᠲᠤᠰᠪᠦᠷᠢ 1 ᠪᠠᠶᠢᠵᠤ᠂ ᠬᠦᠮᠦᠰ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠭᠡᠷ ᠪᠦᠯᠢ ᠶᠢᠨ ᠵᠤᠭ᠎ᠠ ᠴᠡᠩᠭᠡᠯ᠂ ᠬᠤᠲᠠ ᠶᠢᠨ ᠠᠷᠠᠳ ᠤᠨ ᠰᠡᠯᠡᠭᠦᠴᠡᠯ ᠢ ᠨᠢᠭᠡ ᠴᠣᠭᠴᠠᠵᠢᠭᠤᠯᠤᠭᠰᠠᠨ ᠮᠦᠷᠲᠡᠭᠡᠨ ᠣᠷᠴᠢᠨ ᠲᠣᠭᠤᠷᠢᠨ ᠭᠤᠶᠢᠲᠠ ᠰᠠᠶᠢᠨ᠂ ᠲᠠᠯᠠᠪᠠᠶ ᠨᠢ ᠶᠡᠭᠡ᠂ ᠲᠥᠬᠦᠭᠡᠷᠦᠮᠵᠢ ᠨᠢ ᠪᠦᠷᠢᠨ᠂ ᠦᠨ᠎ᠡ ᠲᠥᠯᠦᠪᠦᠷᠢ ᠦᠭᠡᠢ ᠪᠠᠶᠢᠳᠠᠭ ᠨᠢ ᠮᠠᠨ ᠤ ᠬᠤᠰᠢᠭᠤᠨ ᠤ ᠲᠠᠮᠢᠷ ᠤᠨ ᠬᠥᠳᠡᠯᠭᠡᠭᠡᠨ ᠤ ᠲᠠᠯᠠᠪᠤᠷ ᠤᠨ ᠪᠡᠯᠭᠡ ᠲᠡᠮᠳᠡᠭ ᠪᠣᠯᠤᠭᠰᠠᠨ ᠪᠠᠶᠢᠨ᠎ᠠ᠃      ᠮᠠᠨ ᠤ ᠬᠤᠰᠢᠭᠤᠨ ᠤ ᠪᠡᠶ᠎ᠡ ᠲᠠᠮᠢᠷ ᠤᠨ ᠴᠡᠴᠡᠷᠯᠢᠭ ᠠᠰᠢᠭᠯᠠᠯᠲᠠ ᠳᠤ ᠣᠷᠤᠭᠰᠠᠨ ᠨᠢ ᠪᠥᠬᠦ ᠬᠤᠰᠢᠭᠤᠨ ᠤ ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠂ ᠪᠥᠬᠦ ᠠᠷᠠᠳ ᠤᠨ ᠡᠷᠡᠭᠦᠯ ᠮᠡᠨᠳᠦ ᠪᠠ ᠤᠷᠤᠯᠳᠤᠭᠠᠨ ᠤ ᠪᠡᠶ᠎ᠡ ᠲᠠᠮᠢᠷ ᠤᠨ ᠤᠷᠤᠯᠳᠤᠭᠠᠨ ᠢ ᠠᠬᠢᠭᠤᠯᠬᠤ ᠳᠤ ᠰᠢᠨ᠎ᠡ ᠲᠠᠪᠴᠠᠩ ᠬᠠᠩᠭᠠᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠦᠨᠦᠷ ᠠᠮᠲᠠ ᠶᠢ ᠳᠡᠭᠡᠭᠰᠢᠯᠡᠭᠦᠯᠬᠦ᠂ ᠪᠡᠶ᠎ᠡ ᠲᠠᠮᠢᠷ ᠤᠨ ᠣᠯᠠᠨ ᠡᠰᠢᠵᠢᠭᠰᠡᠨ᠂ ᠠᠵᠤ ᠦᠢᠯᠡᠰᠵᠢᠭᠰᠡᠨ᠂ ᠨᠡᠶᠢᠭᠡᠮᠴᠢᠯᠡᠭᠰᠡᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号