ᠤᠯᠢᠶᠠᠰᠤᠲᠠᠢ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠦᠨᠢᠷ ᠰᠦᠷᠦᠭ ᠤᠨ ᠰᠢᠯᠭᠠᠷᠠᠭᠤᠯᠤᠯᠲᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/9/5
      8 ᠰᠠᠷ᠎ᠠ ᠶᠢᠨ 17 ᠤ ᠡᠳᠦᠷ᠂ ᠤᠯᠢᠶᠠᠰᠤᠲᠠᠢ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠦᠨᠢᠷ ᠰᠦᠷᠦᠭ ᠤᠨ ᠰᠢᠯᠭᠠᠷᠠᠭᠤᠯᠤᠯᠲᠠ ᠤᠯᠢᠶᠠᠰᠤᠲᠠᠢ ᠪᠠᠯᠭᠠᠰᠤ ᠶᠢᠨ ᠡᠩᠬᠡᠵᠢᠷᠭᠠᠯᠠᠩ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠵᠤ ᠦᠢᠯᠡᠰ ᠤᠨ ᠰᠠᠭᠤᠷᠢᠨ ᠭᠠᠵᠠᠷ ᠲᠤ ᠠᠮᠵᠢᠯᠲᠠ ᠲᠠᠢ ᠶᠠᠪᠤᠭᠳᠠᠵᠤ᠂ ᠰᠢᠯᠢᠳᠡᠭ ᠡᠭᠦᠯᠳᠡᠷ ᠤᠨ ᠦᠵᠦᠮᠦᠴᠢᠨ ᠬᠤᠨᠢ᠂ ᠰᠢᠮᠧᠨ᠋ᠲ᠋ᠠᠷ ᠲᠤᠭᠤᠯ ᠢ ᠠᠳᠠᠯᠢᠳᠬᠠᠨ ᠰᠢᠯᠭᠠᠷᠠᠭᠤᠯᠪᠠ᠃      ᠰᠢᠯᠭᠠᠷᠠᠭᠤᠯᠤᠯᠲᠠ ᠶᠢᠨ ᠠᠬᠤᠢ ᠲᠠᠯᠠᠪᠠᠢ ᠳᠤ᠂ ᠤᠯᠢᠶᠠᠰᠤᠲᠠᠢ ᠪᠠᠯᠭᠠᠰᠤᠨ ᠤ ᠡᠯ᠎ᠡ ᠭᠠᠴᠠᠭᠠᠨ ᠤ 222 ᠮᠠᠯ ᠢ ᠰᠣᠩᠭᠤᠨ ᠤᠷᠤᠯᠳᠤᠭᠠᠨ ᠳᠤ ᠣᠷᠣᠯᠴᠠᠭᠤᠯᠵᠠᠢ᠃ ᠡᠭᠦᠯᠳᠡᠷ ᠤᠨ ᠣᠨᠴᠠᠯᠢᠭ᠂ ᠪᠡᠶ᠎ᠡ ᠶᠢᠨ ᠬᠡᠯᠪᠡᠷᠢ ᠪᠠᠶᠢᠳᠠᠯ᠂ ᠪᠡᠶ᠎ᠡ ᠶᠢᠨ ᠬᠡᠮᠵᠢᠶ᠎ᠡ᠂ ᠪᠡᠶ᠎ᠡ ᠶᠢᠨ ᠬᠦᠨᠳᠦ᠂ ᠦᠢᠯᠡᠳᠪᠦᠷᠢᠯᠡᠯ ᠤᠨ ᠴᠢᠳᠠᠮᠵᠢ ᠵᠡᠷᠭᠡ ᠶᠢᠨ ᠭᠦᠢᠴᠡᠳᠬᠡᠯ ᠲᠤᠭ᠎ᠠ ᠶᠢ ᠦᠨᠳᠦᠰᠦᠯᠡᠨ ᠶᠡᠷᠦᠩᠬᠡᠶᠢᠯᠡᠨ ᠰᠢᠯᠭᠠᠷᠠᠭᠤᠯᠵᠤ᠂ ᠬᠤᠴᠠ᠂ ᠡᠮ᠎ᠡ ᠬᠤᠨᠢ᠂ ᠲᠥᠯᠦᠭᠡᠨ ᠬᠤᠴᠠ᠂ ᠥᠬᠢᠨ ᠲᠥᠯᠦᠭᠡ ᠂ ᠬᠤᠷᠠᠭᠠᠨ ᠬᠤᠴᠠ᠂ ᠦᠬᠢᠨ ᠬᠤᠷᠠᠭ᠎ᠠ᠂ ᠰᠢᠮᠧᠨ᠋ᠲ᠋ᠠᠷ ᠡᠷ᠎ᠡ ᠲᠤᠭᠤᠯ᠂ ᠰᠢᠮᠧᠨ᠋ᠲ᠋ᠠᠷ ᠦᠬᠢᠨ ᠲᠤᠭᠤᠯ ᠵᠡᠷᠭᠡ 8 ᠲᠥᠷᠥᠯ ᠤᠨ ᠨᠡᠶᠢᠲᠡ 24 ᠵᠦᠢᠯ ᠢ ᠰᠢᠯᠭᠠᠷᠠᠭᠤᠯᠪᠠ᠃      ᠲᠤᠰ ᠤᠳᠠᠭ᠎ᠠ ᠶᠢᠨ ᠠᠵᠢᠯᠯᠠᠭ᠎ᠠ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠪᠣᠳᠠᠲᠠᠢ ᠭᠠᠷᠳᠠᠴᠠ ᠮᠥᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠶᠢ ᠠᠬᠢᠭᠤᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠠᠭᠤᠷᠢᠨ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠪᠦᠲᠦᠮᠵᠢᠲᠡᠢ ᠠᠷᠭ᠎ᠠ ᠬᠡᠮᠵᠢᠶ᠎ᠡ ᠮᠥᠨ᠃ ᠨᠡᠩ ᠴᠤ ᠮᠠᠯᠵᠢᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠠᠯᠴᠢᠨ ᠲᠦᠮᠡᠨ ᠢ ᠬᠥᠲᠥᠯᠥᠨ ᠳᠠᠭᠠᠭᠤᠯᠵᠤ ᠠᠵᠢᠯᠴᠢ ᠬᠥᠳᠡᠯᠮᠦᠷᠢᠴᠢ ᠪᠠᠷ ᠪᠠᠶᠠᠵᠢᠭᠤᠯᠬᠤ ᠦᠪᠡᠳᠡᠭᠰᠢ ᠴᠤᠭᠯᠠᠭᠠᠨ ᠮᠥᠨ᠃ ᠤᠯᠢᠶᠠᠰᠤᠲᠠᠢ ᠪᠠᠯᠭᠠᠰᠤᠨ ᠤ ᠬᠢᠨ ᠨᠠᠮ ᠤᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠬᠡᠪ ᠵᠠᠭᠪᠤᠷ ᠢ ᠬᠥᠲᠥᠯᠥᠨ ᠳᠠᠭᠠᠭᠤᠯᠵᠤ᠂ ᠪᠦᠬᠦ ᠬᠤᠰᠢᠭᠤᠨ ᠤ ︽3 + 2︾ ᠤᠨ ᠠᠵᠤ ᠦᠢᠯᠡᠰ ᠤᠨ ᠪᠠᠶᠢᠷᠢᠰᠢᠯ ᠢ ᠭᠦᠨᠵᠡᠭᠡᠢ ᠲᠤᠭᠤᠰᠢᠯᠠᠭᠤᠯᠵᠤ᠂ ᠣᠳᠣᠬᠢᠴᠢᠯᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠬᠤ ᠶᠢ ᠲᠦᠷᠭᠡᠳᠬᠡᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠭᠤᠣᠯᠳᠠᠯᠭᠠᠲᠤ ᠰᠦᠷᠦᠭ ᠮᠠᠯᠵᠢᠵᠤ ᠪᠠᠶᠢᠭ᠎ᠠ ᠡᠷᠦᠬᠡ᠂ ᠪᠠᠷᠢᠮᠵᠢᠶᠠᠵᠢᠭᠰᠠᠨ ᠮᠠᠯᠵᠢᠯ ᠤᠨ ᠡᠷᠦᠬᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠶᠢ ᠢᠳᠡᠪᠬᠢᠲᠡᠢ ᠰᠣᠩᠭᠤᠨ ᠲᠡᠳᠬᠦᠵᠦ᠂ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠥᠷᠭᠡᠳᠬᠡᠵᠦ᠂ ᠮᠠᠯᠴᠢᠳ ᠢ ᠵᠣᠷᠢᠭᠵᠢᠭᠤᠯᠤᠨ ᠨᠠᠷᠢᠯᠢᠭᠵᠢᠭᠤᠯᠤᠨ ᠲᠡᠵᠢᠭᠡᠨ ᠦᠷᠡᠵᠢᠭᠦᠯᠬᠦ ᠪᠠᠶᠠᠵᠢᠯ ᠤᠨ ᠰᠢᠨ᠎ᠡ ᠵᠠᠮ ᠢᠶᠠᠷ ᠵᠠᠮᠨᠠᠭᠤᠯᠬᠤ ᠪᠣᠯᠣᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号