ᠮᠠᠨ ᠤ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠴᠡ ᠶᠢ ᠪᠠᠶᠢᠴᠠᠭᠠᠬᠤ ᠠᠵᠢᠯ ᠪᠥᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2023/9/5
      8 ᠰᠠᠷ᠎ᠠ ᠶᠢᠨ 22 ᠤᠨ ᠡᠳᠦᠷ᠂ ᠮᠠᠨ ᠤ ᠬᠤᠰᠢᠭᠤᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ ᠠᠵᠢᠯᠲᠠᠨ ᠵᠢᠴᠢ ᠨᠡᠶᠢᠭᠡᠮ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠤᠯᠢᠶᠠᠰᠣᠲᠠᠢ ᠪᠠᠯᠭᠠᠰᠤᠨ ᠳᠠᠬᠢ ᠠᠵᠤ ᠠᠬᠤᠶᠢᠯᠠᠯ ᠪᠠ ᠬᠤᠪᠢ ᠶᠢᠨ ᠡᠵᠡᠩᠨᠡᠯᠲᠡ ᠶᠢᠨ ᠡᠷᠦᠬᠡ ᠳᠤ ᠬᠦᠷᠴᠦ ᠪᠦᠬᠦ ᠲᠠᠯ᠎ᠠ ᠪᠠᠷ ᠪᠠᠶᠢᠴᠠᠭᠠᠯᠲᠠ ᠬᠢᠪᠠ᠃      ᠨᠡᠶᠢᠳᠡᠮ ᠪᠠᠶᠢᠴᠠᠭᠠᠭᠴᠢ ᠠᠴᠠ ᠡᠯᠧᠺᠲᠷᠤᠨ ᠲᠤᠨᠤᠭ ᠲᠥᠬᠦᠭᠡᠷᠦᠮᠵᠢ ᠶᠢ ᠬᠡᠷᠡᠭᠯᠡᠨ᠂ ᠨᠢᠭᠡᠴᠡ ᠶᠢ ᠨᠡᠶᠢᠳᠡᠮ ᠪᠠᠶᠢᠴᠠᠭᠠᠬᠤ ᠠᠯᠬᠤᠮ ᠳᠠᠷᠠᠭ᠎ᠠ ᠶᠣᠰᠣᠭᠠᠷ ᠡᠯ᠎ᠡ ᠨᠢᠭᠡᠴᠡ ᠳᠤ ᠬᠦᠷᠴᠦ ᠠᠰᠠᠭᠤᠨ ᠯᠠᠪᠯᠠᠬᠤ᠂ ᠬᠦᠰᠦᠨᠦᠭ ᠲᠠᠭᠯᠠᠬᠤ ᠵᠡᠷᠭᠡ ᠨᠢᠭᠡᠴᠡ ᠶᠢ ᠪᠠᠶᠢᠴᠠᠭᠠᠬᠤ ᠠᠵᠢᠯ ᠬᠢᠵᠦ᠂ ᠬᠤᠰᠢᠭᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯᠲᠠᠨ ᠠᠴᠠ ᠲᠤᠬᠠᠢ ᠶᠢᠨ ᠭᠠᠵᠠᠷ ᠲᠤᠨᠢ ᠪᠣᠳᠠᠲᠠᠢ ᠬᠢᠬᠦ ᠠᠷᠭ᠎ᠠ ᠮᠠᠶ᠋ᠢᠭ ᠢᠶᠠᠷ ᠡᠯ᠎ᠡ ᠨᠢᠭᠡᠴᠡ ᠳᠤ ᠣᠷᠣᠬᠤ ᠶᠢ ᠳᠠᠭᠠᠬᠤ ᠶᠢᠨ ᠬᠠᠮᠲᠤ ᠨᠡᠶᠢᠳᠡᠮ ᠪᠠᠶᠢᠴᠠᠭᠠᠭᠴᠢ ᠶᠢ ᠬᠠᠪᠰᠤᠷᠤᠨ ᠨᠢᠭᠡᠴᠡ ᠶᠢ ᠪᠠᠶᠢᠴᠠᠭᠠᠬᠤ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠵᠦ᠂ ᠨᠢᠭᠡᠴᠡ ᠶᠢ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ  ᠪᠠᠲᠤᠯᠠᠭᠰᠠᠨ ᠪᠢᠯᠡ᠃      ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠬᠤᠰᠢᠭᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ  ᠶᠢᠨ ᠠᠯᠪᠠᠨ ᠬᠡᠷ ᠠᠴᠠ ᠨᠡᠶᠢᠭᠡᠮ ᠲᠣᠭᠤᠷᠢᠭ ᠤᠨ ᠨᠡᠶᠢᠳᠡᠮ ᠪᠠᠶᠢᠴᠠᠭᠠᠭᠴᠢ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠵᠢᠴᠢ ᠪᠠᠶᠢᠴᠠᠭᠠᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠭᠦᠨᠵᠡᠭᠡᠶ ᠣᠶᠢᠯᠠᠭᠠᠨ᠂ ᠨᠡᠶᠢᠭᠡᠮ ᠲᠣᠭᠤᠷᠢᠭ ᠤᠨ ᠨᠡᠶᠢᠳᠡᠮ ᠪᠠᠶᠢᠴᠠᠭᠠᠭᠴᠢ ᠠᠴᠠ ᠴᠤ ᠠᠵᠢᠯ ᠤᠨ ᠲᠠᠰ ᠳᠠᠷᠠᠭᠠᠯᠠᠯ ᠵᠢᠴᠢ ᠠᠵᠢᠯᠯᠠᠬᠤ ᠪᠣᠯᠪᠠᠰᠤᠷᠠᠩᠭᠤᠶ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠡᠯ᠎ᠡ ᠰᠤᠮᠤ ᠪᠠᠯᠭᠠᠰᠤᠨ ᠤ ᠪᠣᠳᠠᠲᠤ ᠪᠠᠶᠢᠳᠠᠯ ᠪᠠ ᠠᠵᠢᠯ ᠤᠨ ᠠᠬᠢᠴᠠ ᠶᠢ ᠦᠨᠳᠦᠰᠦᠯᠡᠨ᠂ ᠨᠠᠩ ᠬᠠᠨᠳᠤᠯᠭᠠᠲᠤ ᠴᠢᠨᠠᠷᠲᠠᠶ ᠲᠤᠬᠠᠶᠢᠯᠠᠭᠰᠠᠨ‌ᠠᠵᠢᠯ ᠤᠨ ᠪᠣᠯᠪᠠᠰᠤᠷᠠᠯ ᠤᠨ ᠵᠢᠯᠣᠭᠤᠳᠣᠯᠭ᠎ᠠ ᠵᠢᠴᠢ ᠡᠳ᠋ ᠪᠣᠳᠠᠰ ᠤᠨ ᠪᠠᠲᠤᠯᠠᠭ᠎ᠠ ᠶᠢ ᠴᠠᠭ ᠲᠤᠬᠠᠶ ᠳᠤ ᠨᠢ ᠬᠠᠩᠭᠠᠵᠤ᠂ ᠪᠠᠶᠢᠴᠠᠭᠠᠬᠤ ᠠᠵᠢᠯ ᠢ ᠲᠣᠭᠲᠠᠭᠰᠠᠨ ᠴᠠᠭ ᠲᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠪᠤᠯᠤᠨ᠎ᠠ᠃      ᠣᠳᠣᠬᠠᠨ ᠳᠤ᠂ ᠮᠠᠨ ᠤ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠴᠡ ᠶᠢ ᠪᠠᠶᠢᠴᠠᠭᠠᠬᠤ ᠠᠵᠢᠯ ᠨᠢᠭᠡᠨᠲᠡ ᠪᠥᠬᠦ ᠲᠠᠯ᠎ᠠ ᠪᠠᠷ ᠡᠬᠢᠯᠡᠵᠦ᠂ ᠨᠡᠶᠢᠳᠡᠮ ᠪᠠᠶᠢᠴᠠᠭᠠᠭᠴᠢ ᠠᠴᠠ ᠠᠵᠢᠯ ᠤᠨ ᠦᠨᠡᠮᠯᠡᠯ ᠵᠡᠭᠦᠵᠦ ᠪᠠᠶᠢᠴᠠᠭᠠᠯᠲᠠ ᠬᠢᠬᠦ᠂ ᠳᠣᠲᠣᠯᠠᠨ ᠪᠠᠶᠢᠴᠠᠭᠠᠵᠤ ᠬᠦᠰᠦᠨᠦᠭ ᠲᠠᠭᠯᠠᠬᠤ᠂ ᠳᠡᠭᠡᠭᠰᠢ ᠮᠡᠳᠡᠭᠦᠯᠬᠦ ᠵᠡᠷᠭᠡ ᠡᠯ᠎ᠡ ᠵᠦᠶᠯ ᠤᠨ ᠠᠵᠢᠯ ᠢ ᠥᠷᠨᠢᠭᠦᠯᠬᠦ ᠪᠣᠯᠤᠨ᠎ᠠ᠃ ᠥᠷᠭᠡᠨ ᠣᠯᠠᠨ ᠡᠵᠡᠩᠨᠡᠭᠴᠢ ᠠᠴᠠ ᠨᠡᠶᠢᠳᠡᠮ ᠪᠠᠶᠢᠴᠠᠭᠠᠭᠴᠢ ᠶᠢᠨ ᠠᠵᠢᠯ ᠳᠤ ᠰᠠᠶᠢᠳᠣᠷ ᠬᠠᠮᠵᠢᠯᠴᠠᠵᠤ᠂ ᠮᠠᠨ ᠤ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠴᠡ ᠶᠢ ᠪᠠᠶᠢᠴᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢ ᠬᠦᠰᠡᠵᠦ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号