ᠪᠦᠬᠦ ᠬᠤᠰᠢᠭᠤᠨ ᠤ ᠮᠠᠯ ᠤᠨ ᠭᠠᠷᠭᠠᠯᠲᠠ ᠶᠢᠨ ᠠᠵᠢᠯ ᠡᠷᠴᠢᠮᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/9/5
      8 ᠳ᠋ᠤᠭᠠᠷ ᠰᠠᠷ᠎ᠠ ᠪᠣᠯ ᠬᠤᠷᠠᠭ᠎ᠠ ᠪᠣᠷᠣᠯᠠᠭᠤᠯᠬᠤ ᠵᠠᠩᠭᠢᠯᠭ᠎ᠠ ᠶᠢᠨ ᠬᠤᠭᠤᠴᠠᠭ᠎ᠠ᠂ ᠣᠶᠢᠷ᠎ᠠ ᠶᠢᠨ ᠡᠳᠦᠷ  ᠤᠳ ᠲᠤ᠂ ᠮᠠᠨ ᠤ ᠬᠤᠰᠢᠭᠤᠨ ᠤ ᠮᠠᠯᠴᠢᠳ ᠮᠠᠯ ᠤᠨᠤᠭ᠎ᠠ ᠪᠠᠨ ᠡᠳ᠋ᠰᠢᠭᠦᠯᠦᠨ ᠪᠣᠷᠣᠯᠠᠭᠤᠯᠬᠤ ᠪᠠᠷ ᠪᠡᠯᠡᠳᠬᠡᠵᠦ᠂ ᠨᠢᠲᠤᠯᠵᠤ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠡᠮᠬᠢ ᠳᠢᠭᠯᠢᠮ ᠲᠠᠢ ᠶᠠᠪᠤᠭᠳᠠᠵᠤ᠂ ᠮᠠᠯᠵᠢᠬᠤ ᠣᠷᠣᠨ ᠤ ᠭᠠᠵᠠᠷ ᠪᠣᠯᠭᠠᠨ ᠳᠤ ᠡᠯᠪᠡᠭ ᠬᠤᠷᠢᠶᠠᠯᠲᠠ ᠶᠢᠨ ᠪᠠᠶᠢᠳᠠᠯ ᠬᠠᠷᠠᠭᠳᠠᠨ᠎ᠠ᠃      ᠰᠤᠷᠪᠤᠯᠵᠢᠯᠠᠭᠴᠢ ᠮᠠᠨ ᠤ ᠬᠤᠰᠢᠭᠤᠨ ᠤ ᠴᠢᠨ ᠮᠦ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠬᠦ ᠳᠤ᠂ ᠮᠠᠯᠴᠢᠳ ᠬᠤᠷᠠᠭ᠎ᠠ ᠪᠠᠨ ᠨᠢᠲᠤᠯᠠᠭᠤᠯᠬᠤ ᠭᠡᠵᠦ ᠵᠢᠷᠤᠮ ᠶᠣᠰᠣᠭᠠᠷ ᠬᠢᠵᠢᠭ ᠤᠨ ᠪᠠᠶᠢᠴᠠᠭᠠᠯᠲᠠ ᠬᠢᠵᠦ᠂ ᠠᠴᠢᠵᠦ ᠲᠡᠭᠡᠭᠡᠭᠰᠡᠨ ᠬᠤᠷᠠᠭ᠎ᠠ ᠪᠠᠨ ᠬᠦᠢᠲᠡᠨ ᠬᠦᠮᠦᠷᠭᠡ ᠳᠤ ᠪᠠᠭᠤᠯᠭᠠᠵᠤ ᠪᠠᠶᠢᠯ᠎ᠠ᠃      ᠴᠢᠨ ᠮᠦ ᠢᠳᠡᠭᠡᠨ ᠤ ᠬᠢᠵᠠᠭᠠᠷᠲᠤ ᠺᠣᠮᠫᠠᠨᠢ ᠶᠢᠨ ᠨᠢᠲᠤᠯᠠᠬᠤ ᠶᠢ ᠬᠦᠯᠢᠶᠡᠵᠦ ᠲᠣᠭᠤᠷᠢᠭ ᠤᠨ ᠭᠠᠳᠠᠨ᠎ᠠ᠂ ᠴᠡᠪᠡᠷ ᠡᠭᠦᠯᠳᠡᠷ ᠤᠨ ᠦᠵᠦᠮᠦᠴᠢᠨ ᠬᠤᠷᠠᠭ᠎ᠠ ᠲᠡᠭᠡᠭᠡᠭᠰᠡᠨ ᠬᠡᠳᠦᠨ ᠠᠴᠢᠶᠠᠨ ᠤ ᠮᠠᠰᠢᠨ ᠲᠡᠷᠭᠡ ᠮᠥᠷᠯᠡᠨ ᠬᠢᠵᠢᠭ ᠪᠠᠶᠢᠴᠠᠭᠠᠬᠤ ᠶᠢ ᠬᠦᠯᠢᠶᠡᠵᠦ ᠪᠠᠶᠢᠭᠰᠠᠨ ᠪᠥᠭᠡᠳ ᠪᠠᠭᠤᠯᠭᠠᠵᠤ ᠡᠳ᠋ᠰᠢᠭᠦᠯᠬᠦ ᠪᠠᠷ ᠪᠡᠯᠡᠬᠡᠨ ᠪᠠᠶᠢᠯ᠎ᠠ᠃ ᠬᠠᠲᠠᠪᠴᠢ ᠪᠠᠯᠭᠠᠰᠤ ᠶᠢᠨ ᠬᠠᠨ ᠠᠭᠤᠯᠠ ᠭᠠᠴᠠᠭᠠᠨ ᠤ ᠮᠠᠯᠴᠢᠨ ᠰᠤᠷᠪᠤᠯᠵᠢᠯᠠᠭᠴᠢ ᠳᠤ᠄ ︽ᠪᠢ ᠡᠨᠡ ᠤᠳᠠᠭ᠎ᠠ 90 ᠬᠤᠷᠠᠭ᠎ᠠ ᠬᠦᠢᠲᠡᠨ ᠬᠦᠮᠦᠷᠭᠡ ᠳᠤ ᠠᠪᠴᠢᠷᠠᠭᠰᠠᠨ ᠪᠠᠶᠢᠨ᠎ᠠ᠂ ᠣᠲᠣ ᠶᠢᠨ ᠦᠨ᠎ᠡ ᠬᠠᠩᠰᠢ ᠳᠤ ᠬᠠᠨᠤᠮᠵᠢᠲᠠᠶ᠂ ᠥᠪᠡᠷ ᠤᠨ ᠬᠤᠰᠢᠭᠤᠨ ᠤ ᠪᠠᠨ ᠬᠦᠢᠲᠡᠨ ᠬᠥᠮᠥᠷᠭᠡ ᠳᠤ ᠨᠢᠲᠤᠯᠠᠵᠤ ᠡᠳ᠋ᠰᠢᠭᠦᠯᠬᠦ ᠨᠢ ᠰᠠᠨᠠᠭ᠎ᠠ ᠠᠮᠤᠷ︾ ᠭᠡᠵᠦ ᠪᠠᠶᠢᠯ᠎ᠠ᠃      ᠣᠳᠣᠬᠠᠨ ᠳᠤ᠂ ᠵᠡᠭᠦᠨ ᠦᠵᠦᠮᠦᠴᠢᠨ ᠬᠤᠰᠢᠭᠤᠨ ᠤ ᠬᠤᠷᠠᠭᠠᠨ ᠤ ᠬᠡᠩᠭᠦᠳᠡᠭ ᠤᠨ ᠨᠢᠭᠡᠳᠦᠯᠲᠡᠢ ᠦᠨ᠎ᠡ  ᠨᠢ ᠵᠢᠩ ᠪᠦᠷᠢ ᠳᠡᠭᠡᠨ 30 ᠲᠥᠭᠦᠷᠢᠭ ᠪᠠᠶᠢᠵᠤ᠂ ᠣᠳᠣᠬᠠᠨ ᠳᠤ ᠮᠠᠯᠴᠢᠳ ᠴᠠᠭ ᠲᠣᠬᠢᠶᠠᠯ ᠢ ᠠᠮᠵᠢᠨ ᠭᠠᠷᠭᠠᠯᠲᠠ ᠪᠠᠨ ᠱᠠᠯᠠᠪᠳᠠᠨ ᠬᠢᠵᠦ ᠪᠠᠶᠢᠨ᠎ᠠ᠃ ᠠᠵᠤ ᠠᠬᠤᠶᠢᠯᠠᠯ ᠤᠨ ᠨᠢᠭᠡ ᠡᠳᠦᠷ ᠤᠨ ᠨᠢᠲᠤᠯᠠᠵᠤ ᠡᠳ᠋ᠰᠢᠭᠦᠯᠬᠦ ᠬᠡᠮᠵᠢᠶ᠎ᠡ ᠨᠢᠭᠡᠨᠲᠡ 1000 ᠶᠢ ᠳᠠᠪᠠᠵᠠᠢ᠃      ᠵᠡᠭᠦᠨ ᠦᠵᠦᠮᠦᠴᠢᠨ ᠬᠤᠰᠢᠭᠤᠨ ᠤ ᠴᠢᠨ ᠮᠦ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠦᠮᠦᠨ ᠤ ᠲᠠᠨᠢᠯᠴᠠᠭᠤᠯᠬᠤ ᠪᠠᠷ᠄ ︽ᠠᠵᠤ ᠠᠬᠤᠶᠢᠯᠠᠯ ᠨᠢ ᠡᠨᠡ ᠵᠢᠯ ᠤᠨ ᠵᠢᠱᠢᠯᠲᠡ ᠪᠠᠷ 10 ︱ 15 ᠲᠦᠮᠡ ᠣᠷᠴᠢᠮ ᠮᠠᠯ ᠡᠳ᠋ᠰᠢᠭᠦᠯᠬᠦ ᠪᠠᠷ ᠪᠣᠶ᠂ 8 ᠰᠠᠷ᠎ᠠ ᠶᠢᠨ 18 ᠤ ᠡᠳᠦᠷ ᠠᠴᠠ ᠡᠬᠢᠯᠡᠨ ᠦᠢᠯᠡᠳᠪᠦᠷᠢᠯᠡᠵᠦ ᠪᠣᠯᠪᠠᠰᠤᠷᠠᠭᠤᠯᠤᠭᠰᠠᠨ ᠠᠴᠠ ᠣᠲᠣ ᠪᠣᠯᠲᠠᠯ᠎ᠠ ᠨᠡᠶᠢᠲᠡ 6000 ᠭᠠᠷᠤᠢ ᠬᠤᠷᠠᠭ᠎ᠠ ᠡᠳ᠋ᠰᠢᠭᠦᠯᠦᠨ ᠪᠣᠯᠪᠠᠰᠤᠷᠠᠭᠤᠯᠵᠠᠢ ᠂ ᠬᠤᠷᠠᠭ᠎ᠠ ᠶᠢ ᠭᠥᠯᠢᠶᠡᠨ ᠠᠪᠬᠤ ᠪᠣᠭᠤᠮᠲᠠ ᠶᠢ ᠴᠢᠩᠭ᠎ᠠ ᠰᠠᠬᠢᠵᠤ᠂ ᠵᠦᠪᠬᠡᠨ ᠴᠡᠪᠡᠷ ᠡᠭᠦᠯᠳᠡᠷ ᠤᠨ ᠦᠵᠦᠮᠦᠴᠢᠨ ᠬᠤᠨᠢ ᠢ ᠡᠭᠰᠢᠭᠦᠯᠦᠨ ᠪᠣᠯᠪᠠᠰᠤᠷᠠᠭᠤᠯᠵᠤ᠂ ᠡᠷᠯᠢᠰᠡᠵᠢᠭᠦᠯᠦᠭᠰᠡᠨ ᠬᠤᠷᠠᠭ᠎ᠠ ᠶᠢ ᠬᠦᠯᠢᠶᠡᠨ ᠠᠪᠬᠤ ᠦᠭᠡᠢ︾ ᠭᠡᠵᠦ ᠪᠠᠶᠢᠯ᠎ᠠ᠃      ᠵᠡᠭᠦᠨ ᠦᠵᠦᠮᠦᠴᠢᠨ ᠬᠤᠰᠢᠭᠤᠨ ᠤ ᠬᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠮᠠᠯ ᠤᠨ ᠭᠠᠷᠭᠠᠯᠲᠠ ᠶᠢᠨ ᠠᠵᠢᠯ ᠢ ᠨᠤᠲᠤᠭ ᠪᠡᠯᠴᠢᠭᠡᠷ ᠤᠨ ᠠᠮᠢ ᠠᠬᠤᠢ ᠶᠢᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠬᠦ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠢ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠪᠦᠲᠦᠮᠵᠢᠲᠡᠶ ᠠᠷᠭ᠎ᠠ ᠬᠡᠮᠵᠢᠶ᠎ᠡ ᠪᠣᠯᠭᠠᠨ ᠠᠳᠬᠤᠵᠤ᠂ ᠰᠠᠭᠤᠷᠢ ᠡᠬᠡ ᠮᠠᠯ ᠪᠠ ᠴᠢᠨᠠᠷ ᠰᠠᠶᠢᠲᠠᠢ ᠮᠠᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠲᠣᠭᠲᠠᠭᠠᠨ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ᠂ ᠥᠷᠭᠡᠨ ᠣᠯᠠᠨ ᠮᠠᠯᠴᠢᠨ ᠲᠦᠮᠡᠨ ᠢ ᠢᠳᠡᠪᠬᠢᠲᠡᠢ ᠪᠠᠷ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠮᠠᠯ ᠤᠨ ᠭᠠᠷᠭᠠᠯᠲᠠ ᠶᠢᠨ ᠡᠷᠴᠢᠮ ᠢ ᠴᠢᠩᠭᠠᠷᠠᠭᠤᠯᠵᠤ᠂ ᠡᠷᠲᠡ ᠵᠠᠷᠤᠴᠠᠭᠤᠯᠬᠤ᠂ ᠢᠯᠡᠭᠦᠦ ᠢᠯᠡᠭᠦᠤ᠂ ᠲᠦᠷᠭᠡᠨ ᠵᠠᠷᠤᠴᠠᠭᠤᠯᠬᠤ ᠶᠢ ᠪᠡᠶᠡᠯᠡᠭᠦᠯᠦᠨ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠵᠦ᠂ ︽ᠡᠪᠦᠯᠵᠢᠬᠦ ᠮᠠᠯ︾ ᠤᠨ ᠲᠤᠭ᠎ᠠ ᠬᠡᠮᠵᠢᠶ᠎ᠡ ᠶᠢ ᠪᠠᠭᠠᠰᠬᠠᠨ᠂ ᠲᠡᠵᠢᠭᠡᠨ ᠠᠷᠠᠴᠢᠯᠠᠬᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠴᠥᠭᠡᠨ  ᠮᠠᠯᠵᠢᠵᠤ ᠨᠠᠷᠢᠯᠢᠭ ᠮᠠᠯᠵᠢᠬᠤ ᠶᠢ ᠦᠨᠡᠨᠬᠦ ᠪᠡᠶᠡᠯᠡᠭᠦᠯᠦᠨ᠎ᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号