ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠨᠤᠭᠤᠳ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠨ ᠠᠪᠴᠢᠷᠠᠯ᠎ᠠ
ᠨᠡᠶᠢᠲᠡᠯᠡᠭᠰᠡᠨ ᠴᠠᠭ᠄
2023/9/6
      8 ᠰᠠᠷ᠎ᠠ ᠶᠢᠨ 27 ᠤ ᠡᠳᠦᠷ᠂ ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠢᠶᠠᠨ ᠤᠭᠲᠤᠨ ᠠᠪᠴᠢᠷᠠᠵᠤ᠂ ᠰᠤᠷᠤᠭᠴᠢᠳ ᠪᠠᠶᠠᠷ ᠤᠨ ᠮᠦᠰᠢᠶᠡᠳᠦ ᠲᠤᠳᠤᠷᠠᠭᠤᠯᠤᠨ ᠰᠤᠷᠭᠠᠭᠤᠯᠢ ᠶᠢᠨ ᠬᠦᠷᠢᠶᠡᠨ ᠳᠡᠭᠡᠨ ᠳᠠᠬᠢᠨ ᠤᠴᠠᠷᠠᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠢᠨ᠎ᠡ ᠠᠶᠠᠨ ᠢᠶᠠᠨ ᠡᠬᠢᠯᠡᠭᠦᠯᠦᠯ᠎ᠡ᠃
     ᠥᠷᠯᠥᠭᠡ ᠶᠢᠨ ᠨᠠᠢᠮᠠᠨ ᠴᠠᠭ ᠬᠠᠭᠠᠰ ᠲᠤ᠂ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠳᠤ᠂ ᠰᠤᠷᠭᠠᠭᠤᠯᠢ ᠶᠢᠨ ᠬᠢᠨ ᠨᠡᠷ᠎ᠡ ᠮᠡᠳᠡᠭᠦᠯᠬᠦ ᠠᠵᠢᠯ ᠢᠶᠠᠨ ᠡᠷᠲᠡ ᠠᠴᠠ ᠰᠠᠶᠢᠲᠤᠷ ᠪᠡᠯᠡᠳᠬᠡᠵᠦ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠰᠤᠷᠤᠭᠴᠢᠳ ᠤᠨ ᠢᠶᠠᠨ ᠬᠦᠷᠴᠦ ᠢᠷᠡᠬᠦ ᠶᠢ ᠬᠦᠯᠢᠶᠡᠵᠦ ᠪᠠᠶᠢᠯ᠎ᠠ᠃ ᠰᠤᠷᠤᠭᠴᠢᠳ ᠬᠦᠰᠡᠯ ᠡᠷᠡᠮᠡᠯᠵᠡᠯ ᠪᠠ ᠳᠣᠭᠳᠣᠯᠤᠭᠰᠠᠨ ᠰᠡᠳᠬᠢᠯᠭᠡ ᠪᠠᠷ ᠡᠮᠬᠢ ᠵᠢᠷᠤᠮ ᠲᠠᠢ ᠪᠠᠷ ᠰᠤᠷᠭᠠᠭᠤᠯᠢ ᠳᠤ ᠣᠷᠣᠵᠤ᠂ ᠨᠡᠷ᠎ᠡ ᠮᠡᠳᠡᠭᠦᠯᠬᠦ ᠭᠠᠷ ᠭᠦᠢᠴᠡᠳᠬᠡᠯ ᠢᠶᠠᠨ ᠡᠮᠬᠢ ᠵᠢᠷᠤᠮ ᠲᠠᠢ ᠪᠡᠶᠡᠯᠡᠭᠦᠯᠵᠦ᠂ ᠰᠤᠷᠤᠯᠴᠠᠬᠤ ᠠᠶᠠᠨ ᠢᠶᠠᠨ ᠡᠬᠢᠯᠡᠭᠦᠯᠦᠭᠰᠡᠨ ᠪᠠᠶᠢᠨ᠎ᠠ᠃ ᠠᠭᠤᠵᠢᠮ ᠰᠠᠷᠠᠭᠤᠯ ᠬᠢᠴᠢᠶᠡᠯ ᠤᠨ ᠲᠢᠩᠬᠢᠮ ᠳᠤ ᠪᠠᠭᠰᠢ ᠠᠴᠠ ᠰᠤᠷᠤᠭᠴᠢᠳ ᠲᠤ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠳᠤ ᠠᠩᠬᠠᠷᠬᠤ ᠵᠦᠢᠯ ᠪᠣᠯᠣᠨ ᠰᠤᠷᠭᠠᠭᠤᠯᠢ ᠶᠢᠨ ᠰᠠᠬᠢᠯᠭ᠎ᠠ ᠪᠠᠲᠤ ᠶᠢ ᠲᠠᠶᠢᠯᠪᠤᠷᠢᠯᠠᠨ ᠥᠭᠴᠦ᠂ ᠰᠤᠷᠤᠭᠴᠢᠳ ᠤᠨ ᠳᠦᠷᠢᠮᠵᠢᠯ ᠤᠨ ᠤᠬᠠᠮᠰᠠᠷ ᠢ ᠴᠢᠩᠭᠠᠳᠬᠠᠵᠠᠢ᠃ ᠰᠤᠷᠪᠤᠯᠵᠢᠯᠠᠭᠴᠢ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠬᠦ ᠳᠤ᠂ ᠰᠤᠷᠭᠠᠭᠤᠯᠢ ᠶᠢᠨ  ᠬᠦᠷᠢᠶ᠎ᠡ ᠬᠥᠷ ᠨᠠᠷᠭᠢᠶᠠᠨ ᠢᠶᠠᠷ ᠪᠢᠯᠬᠠᠵᠦ᠂ ᠨᠤᠮ ᠪᠢᠴᠢᠭ ᠢᠶᠠᠨ ᠵᠦᠭᠡᠭᠡᠵᠦ᠂ ᠬᠡᠷᠡᠮ ᠬᠠᠨ᠎ᠠ ᠪᠠᠨ ᠵᠦᠯᠭᠦᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠪᠠᠷ ᠪᠡᠶᠡᠯᠡᠭᠦᠯᠬᠦ ᠪᠠᠷ ᠶᠠᠭᠠᠷᠠᠵᠤ ᠪᠠᠶᠢᠭ᠎ᠠ ᠨᠢ ᠲᠡᠳᠡᠨ ᠤ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠡᠨᠡᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠨᠢ ᠲᠡᠳᠡᠨ ᠤ ᠲᠠᠰᠤᠷᠠᠯᠲᠠ ᠦᠭᠡᠢ ᠳᠠᠪᠰᠢᠵᠤ ᠠᠮᠵᠢᠯᠲᠠ ᠪᠦᠲᠦᠮᠵᠢ  ᠤᠯᠬᠤ ᠰᠢᠨ᠎ᠡ ᠭᠠᠷᠤᠭ᠎ᠠ ᠪᠣᠯᠬᠤ ᠶᠤᠮ᠃
     ᠨᠠᠮᠤᠷᠵᠢᠶᠠᠨ ᠤ ᠦᠵᠦᠭᠦᠷ ᠲᠤ ᠰᠦᠨᠳᠡᠷᠯᠡᠵᠦ᠂ ᠨᠠᠮᠤᠷ ᠤᠨ ᠦᠩᠭᠡᠨ ᠳᠤ ᠬᠤᠴᠢᠭᠳᠠᠭᠰᠠᠨ ᠰᠤᠷᠭᠠᠭᠤᠯᠢ ᠶᠢᠨ ᠬᠦᠷᠢᠶ᠎ᠡ ᠬᠦᠭᠵᠢᠯᠳᠦᠨ ᠨᠠᠷᠭᠢᠯᠳᠦᠵᠦ᠂ ᠪᠠᠭᠰᠢ ᠨᠠᠷ ᠤᠨ ᠰᠡᠳᠬᠢᠯ ᠶᠢᠰᠦᠨ ᠰᠠᠷ᠎ᠠ ᠲᠠᠢ ᠪᠠᠨ ᠴᠤᠭ ᠬᠠᠩᠬᠤᠯᠤᠨ ᠮᠦᠰᠢᠶᠡᠵᠦ᠂ ᠡᠨᠡ ᠮᠦᠰᠢᠶᠡᠳᠦ ᠳᠤ ᠡᠷᠬᠡ ᠬᠤᠩᠭᠤᠷ ᠰᠤᠷᠤᠭᠴᠢᠳ ᠤᠨ ᠬᠢᠨᠢ ᠳᠡᠭᠵᠢᠨ ᠳᠦᠷᠢ ᠲᠤᠳᠤᠷᠠᠨ᠂ ᠡᠬᠡ ᠤᠷᠤᠨ ᠤ ᠬᠢᠨᠢ ᠦᠨᠢᠷ ᠮᠠᠷᠭᠠᠰᠢ ᠵᠢᠷᠤᠭᠯᠠᠭᠳᠠᠵᠦ᠂ ᠡᠭᠦᠷᠢᠳᠡ ᠭᠤᠶᠠᠴᠢ ᠦᠭᠡᠢ ᠤᠶᠤᠨ ᠤ ᠢᠨᠵᠧᠨᠧᠷ ᠤᠨ ᠦᠨᠢᠲᠡ ᠬᠠᠷᠠᠮ ᠦᠭᠡᠢ ᠵᠤᠷᠢᠭ ᠰᠠᠨᠠᠭ᠎ᠠ ᠰᠦᠮᠪᠦᠷᠯᠡᠨ ᠬᠠᠷᠠᠭᠳᠠᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号