ᠨᠣᠮᠢᠨ ᠬᠦᠰᠡᠯ ᠢᠶᠠᠨ ᠲᠡᠷᠭᠡᠯᠰᠢᠭᠦᠯᠦᠭᠰᠡᠨ ᠨᠦᠷᠢ ᠬᠦᠳᠡᠯᠮᠦᠷᠢ                    — ᠬᠦᠭᠡᠷᠴᠡᠭ ᠤᠨ ᠡᠯᠡᠰᠦ ᠶᠢ ᠵᠠᠰᠠᠭᠰᠠᠨ ᠠᠬᠠᠮᠠᠳ ᠨᠠᠮ ᠤᠨ ᠭᠡᠰᠢᠭᠦᠨ ᠡᠩᠬᠡ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠲᠡᠮᠳᠡᠭ᠊
ᠨᠡᠶᠢᠲᠡᠯᠡᠭᠰᠡᠨ ᠴᠠᠭ᠄
2023/9/6
      ᠲᠠᠩᠰᠤᠭ ᠪᠠᠶᠢᠭᠠᠯᠢ ᠶᠢᠨ ᠢᠶᠠᠨ ᠲᠤᠷᠭᠠᠨ ᠬᠦᠷᠦᠰᠦᠨ ᠳᠤ ᠡᠷᠦᠬᠡ ᠪᠠᠨ ᠪᠤᠰᠬᠠᠨ ᠥᠪ ᠢᠶᠠᠨ ᠵᠠᠯᠭᠠᠵᠦ᠂ ᠤᠤᠭᠤᠭᠰᠠᠨ ᠤᠰᠤ ᠤᠨᠠᠭᠰᠠᠨ ᠰᠢᠷᠦᠢ ᠪᠠᠨ ᠡᠭᠦᠷᠢᠳᠡ ᠰᠡᠳᠬᠢᠯ ᠵᠢᠷᠦᠬᠡᠨ ᠠᠴᠠ ᠪᠠᠨ ᠰᠢᠲᠦᠨ ᠪᠢᠰᠢᠷᠡᠵᠦ᠂ ᠬᠠᠶᠢᠷᠠᠯᠠᠨ ᠬᠠᠮᠠᠭᠠᠯᠠᠳᠠᠭ ᠨᠢ ᠮᠤᠩᠭᠤᠯ ᠲᠦᠮᠡᠨ ᠤ ᠮᠢᠨᠢ ᠨᠡᠶᠢᠲᠡᠯᠢᠭ ᠠᠷᠠᠨᠰᠢᠨ ᠪᠤᠶᠤ᠃ ᠮᠠᠩᠬᠠᠨ ᠰᠢᠷᠭᠠᠯ ᠨᠤᠲᠤᠭ ᠢᠶᠠᠨ ᠨᠤᠭᠤᠭᠠᠨ ᠪᠦᠷᠢᠳᠦ ᠪᠤᠯᠭᠠᠵᠦ᠂ ᠭᠤᠴᠢᠨ ᠵᠢᠯ ᠤᠨ ᠲᠤᠷᠰᠢ ᠨᠤᠮᠢᠨ ᠬᠦᠰᠡᠯ ᠢᠶᠠᠨ ᠲᠡᠷᠭᠡᠯᠰᠢᠭᠦᠯᠬᠦ ᠪᠠᠷ ᠨᠦᠷᠢ ᠶᠡᠭᠡ ᠬᠦᠳᠡᠯᠮᠦᠷᠢ ᠭᠠᠷᠭᠠᠭᠰᠠᠨ ᠡᠨᠡ ᠬᠦ ᠨᠠᠰᠤᠲᠠᠨ ᠪᠣᠯ ᠰᠠᠮᠠᠢ ᠰᠤᠮᠤᠨ ᠤ ᠬᠦᠭᠡᠷᠴᠡᠭ ᠭᠠᠴᠠᠭᠠᠨ ᠤ ᠮᠠᠯᠴᠢᠨ ᠡᠩᠬᠡ ᠪᠤᠯᠤᠨ᠎ᠠ᠃ ᠬᠦᠭᠡᠷᠴᠡᠭ ᠤᠨ ᠡᠯᠡᠰᠦᠨ ᠤ ᠦᠴᠦᠭᠡᠳᠦᠷ ᠦᠨᠦᠳᠦᠷ ᠤᠨ ᠲᠡᠦᠬᠡᠳᠦ ᠬᠤᠪᠢᠷᠠᠯᠲᠠ ᠶᠢ ᠬᠠᠷᠠᠬᠤ ᠳᠤ ᠡᠨᠡ ᠬᠦᠮᠦᠨ ᠢ ᠳᠤᠷᠠᠳᠬᠤ ᠦᠭᠡᠢ ᠪᠠᠶᠢᠵᠦ ᠬᠡᠷᠬᠢᠨ ᠪᠣᠯᠬᠤ ᠪᠢᠯᠡ︕      ᠬᠦᠭᠡᠷᠴᠡᠭ ᠤᠨ ᠡᠯᠡᠰᠦ ᠨᠢ ᠰᠠᠮᠠᠢ ᠰᠤᠮᠤᠨ ᠤ ᠬᠦᠭᠡᠷᠴᠡᠭ ᠭᠠᠴᠠᠭᠠᠨ ᠳᠤ ᠪᠠᠶᠢᠷᠢᠯᠠᠵᠦ᠂ ᠬᠤᠰᠢᠭᠤᠨ ᠲᠥᠪ ᠤᠯᠢᠶᠠᠰᠤᠲᠠᠢ ᠪᠠᠯᠭᠠᠰᠤᠨ ᠠᠴᠠ 80 ᠺᠢᠯᠤᠮᠧᠲᠷ ᠵᠠᠶᠢᠲᠠᠢ ᠪᠠᠶᠢᠷᠢᠰᠢᠨ᠂ ᠵᠡᠭᠦᠨᠰᠢ ᠪᠠᠷᠠᠭᠤᠨᠰᠢ 6 ᠭᠠᠵᠠᠷ᠂ ᠡᠮᠦᠨ᠎ᠡ  ᠠᠴᠠ ᠬᠤᠶᠢᠰᠢ 30 ᠭᠠᠵᠠᠷ ᠰᠤᠨᠵᠢᠷᠠᠵᠦ᠂ ᠡᠯᠡᠰᠦᠷᠬᠡᠭᠵᠢᠭᠰᠡᠨ ᠭᠠᠵᠠᠷ ᠤᠨ ᠲᠠᠯᠠᠪᠠᠢ ᠨᠢ ᠦᠷᠭᠡᠳᠦᠨ 23 ᠲᠦᠮᠡᠨ ᠮᠦ ᠳᠤ ᠬᠦᠷᠴᠦ᠂ ᠬᠤᠷ᠎ᠠ ᠲᠤᠨᠤᠳᠠᠰᠤ ᠴᠦᠭᠡᠨ᠂ ᠰᠠᠯᠬᠢᠨ ᠤ ᠬᠦᠴᠦ ᠶᠡᠭᠡ ᠠᠴᠠ ᠲᠤᠭᠤᠰᠦ ᠰᠢᠷᠦᠢ ᠳᠡᠭᠲᠡᠨ᠂ ᠠᠮᠢ ᠠᠬᠤᠢ ᠲᠤᠶᠢᠯ ᠤᠨ ᠬᠡᠪᠡᠷᠡᠭ ᠪᠤᠯᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠬᠦᠴᠢᠷᠳᠡᠯ ᠤᠴᠠᠷᠠᠭᠤᠯᠵᠤ ᠪᠠᠶᠢᠵᠠᠢ᠃      ᠡᠩᠬᠡ ᠭᠤᠸᠠᠢ ᠨᠢᠭᠡᠨ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠠ ᠡᠭᠦᠷᠬᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠤᠬᠢᠷᠳᠤᠯ ᠦᠭᠡᠢ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠦ᠂ ᠬᠥᠬᠡᠮᠳᠦᠭ ᠨᠣᠭᠤᠭᠠᠨ ᠨᠤᠲᠤᠭ ᠨᠢ ᠡᠯᠡᠰᠦ ᠲᠣᠭᠤᠰᠣᠨ ᠳᠤ ᠳᠠᠷᠤᠭᠳᠠᠭᠰᠠᠨ ᠢ ᠬᠠᠷᠠᠵᠤ᠂ ᠡᠷᠬᠡᠪᠰᠢ ᠣᠳᠣᠬᠢ ᠪᠠᠶᠢᠳᠠᠯ ᠢᠶᠠᠨ ᠬᠤᠪᠢᠷᠠᠭᠤᠯᠵᠤ᠂ ᠲᠠᠯ᠎ᠠ ᠨᠤᠲᠤᠭ ᠤᠨ ᠪᠣᠬᠢᠷᠲᠤᠯ ᠦᠭᠡᠢ ᠠᠮᠢᠵᠢᠷᠠᠯ ᠤᠨ ᠬᠦᠴᠦᠨ ᠢ ᠰᠡᠷᠭᠦᠭᠡᠬᠦ ᠪᠠᠷ ᠵᠣᠷᠢᠭ ᠰᠢᠭᠤᠳᠴᠠᠢ᠃ ᠲᠡᠷᠡ ᠪᠠᠷ ᠡᠯᠡᠰᠦ ᠵᠠᠰᠠᠬᠤ ᠠᠵᠢᠯ ᠳᠤ ᠭᠠᠪᠰᠢᠭᠠᠶᠢᠯᠠᠨ ᠤᠷᠤᠯᠴᠠᠵᠦ᠂ ᠭᠠᠴᠠᠭᠠᠨ ᠤ ᠠᠷᠠᠳ ᠢᠶᠠᠨ ᠵᠤᠬᠢᠶᠠᠨ ᠪᠠᠶᠢᠭᠤᠯᠵᠤ᠂ ᠭᠠᠳᠠᠭᠰᠢ ᠨᠤᠲᠤᠭ ᠳᠦᠷᠢᠶᠡᠰᠦᠯᠡᠨ ᠨᠡᠭᠦᠯᠭᠡᠵᠦ᠂ ᠬᠤᠳᠳᠤᠭ ᠮᠠᠯᠲᠠᠨ᠂ ᠪᠡᠯᠴᠢᠭᠡᠷ ᠪᠠ ᠤᠰᠤ ᠤᠮᠳᠠ ᠶᠢᠨ ᠠᠰᠠᠭᠤᠳᠠᠯ ᠢ ᠲᠡᠷᠢᠭᠦᠯᠡᠨ ᠰᠢᠢᠳᠪᠦᠷᠢᠯᠡᠵᠦ᠂ ᠬᠠᠮᠠᠭᠠᠯᠠᠯᠲᠠ ᠶᠢᠨ ᠤᠷᠤᠨ ᠤ ᠤᠳᠤᠷᠢᠳᠤᠯᠭ᠎ᠠ ᠶᠢᠨ ᠲᠣᠭᠲᠠᠮᠵᠢ ᠶᠢ ᠪᠠᠶᠢᠭᠤᠯᠵᠤ᠂ ᠬᠠᠮᠢᠶ᠎ᠠ ᠪᠦᠬᠦᠢ ᠳᠦᠷᠢᠮ ᠲᠤᠭᠳᠠᠭᠠᠯ ᠢ ᠡᠷᠡᠰ ᠨᠠᠶᠢᠳᠠᠪᠤᠷᠢᠵᠢᠭᠤᠯᠤᠨ᠂ ᠡᠯᠡᠰᠦ ᠶᠢ ᠵᠠᠰᠠᠬᠤ ᠠᠵᠢᠯ ᠢ ᠡᠷᠴᠢᠮᠲᠡᠢ ᠦᠷᠨᠢᠭᠦᠯᠵᠡᠢ᠃      2001 ᠣᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠦᠭᠡᠷᠴᠡᠭ ᠤᠨ ᠡᠯᠡᠰᠦᠷᠬᠡᠭ ᠭᠠᠵᠠᠷ ᠢ ᠵᠠᠰᠠᠬᠤ ︽ᠠᠮᠢ ᠠᠬᠤᠢ ᠶᠢᠨ ᠢᠨᠵᠧᠨᠧᠷᠢᠩ︾ ᠢ ᠨᠢᠭᠡ ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠪᠣᠯᠭᠠᠨ ᠠᠳᠬᠤᠵᠤ᠂ ᠬᠠᠮᠠᠭᠠᠯᠠᠬᠤ ᠪᠠ ᠬᠥᠭᠵᠢᠭᠦᠯᠬᠦ ᠶᠢ ᠵᠡᠷᠭᠡᠪᠡᠷ ᠴᠢᠬᠤᠯᠠᠴᠢᠯᠠᠬᠤ ᠶᠢ ᠢᠮᠠᠭᠲᠠ ᠪᠠᠷᠢᠮᠲᠠᠯᠠᠨ᠂ ᠶᠡᠷᠦᠩᠬᠡᠶᠢᠯᠡᠨ ᠵᠠᠰᠠᠬᠤ ᠶᠢᠨ ᠬᠠᠮᠲᠤ ᠪᠢᠲᠡᠭᠦᠮᠵᠢᠯᠡᠨ ᠣᠶᠢᠵᠢᠭᠤᠯᠬᠤ ᠲᠥᠷᠥᠯ ᠵᠦᠢᠯ ᠤᠨ ᠣᠷᠣᠨ ᠢ ᠪᠠᠶᠢᠭᠤᠯᠤᠭᠰᠠᠨ ᠪᠠᠶᠢᠨ᠎ᠠ᠃  2005 ᠣᠨ ᠠᠴᠠ ᠡᠬᠢᠯᠡᠨ᠂ ᠬᠦᠭᠡᠷᠴᠡᠭ  ᠭᠠᠴᠠᠭᠠᠨ ᠤ ︽ᠠᠮᠢ ᠠᠬᠤᠢ ᠶᠢᠨ ᠢᠨᠵᠧᠨᠧᠷᠢᠩ︾ ᠤᠨ ᠲᠥᠷᠥᠯ ᠵᠦᠢᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠡᠵᠦ᠂ ᠵᠡᠭᠦᠨ ᠦᠵᠦᠮᠦᠴᠢᠨ ᠬᠤᠰᠢᠭᠤ ᠨᠢ ᠡᠯ᠎ᠡ ᠲᠥᠷᠥᠯ ᠤᠨ ᠪᠡᠯᠡ ᠮᠥᠩᠭᠦ ᠶᠢ ᠨᠡᠶᠢᠲᠡ 520 ᠲᠦᠮᠡᠨ ᠲᠥᠭᠦᠷᠢᠭ‌ᠣᠷᠣᠭᠤᠯᠵᠤ᠂ ᠨᠢᠰᠬᠡᠯ ᠢᠶᠠᠷ ᠳᠠᠷᠢᠵᠤ ᠣᠶᠢᠵᠢᠭᠤᠯᠬᠤ᠂ ᠡᠯᠡᠰᠦᠷᠬᠡᠭ ᠭᠠᠵᠠᠷ ᠲᠤ ᠬᠥᠮᠥᠨ ᠤ ᠬᠦᠴᠦ ᠪᠠᠷ ᠣᠶᠢᠵᠢᠭᠤᠯᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠦᠭᠡᠷᠴᠡᠭ ᠤᠨ ᠡᠯᠡᠰᠦᠷᠬᠡᠭ ᠭᠠᠵᠠᠷ ᠤᠨ ᠨᠡᠭᠦᠳᠡᠯ ᠮᠠᠩᠬ᠎ᠠ ᠶᠢ ᠦᠨᠳᠦᠰᠦᠨ ᠳᠡᠭᠡᠨ ᠲᠣᠭᠲᠠᠪᠤᠷᠢᠵᠢᠭᠤᠯᠵᠤ᠂ ᠡᠯᠡᠰᠦᠨ ᠤ ᠲᠠᠯᠠᠪᠠᠶ ᠶᠢ ᠢᠳᠡᠭ ᠢᠳᠡᠭ ᠢᠶᠠᠷ ᠪᠠᠭᠠᠰᠬᠠᠵᠤ᠂ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠨᠣᠷᠮ᠎ᠠ ᠶᠢ 82% ᠠᠴᠠ ᠳᠡᠭᠡᠭᠰᠢ ᠪᠣᠯᠭᠠᠵᠤ᠂ ᠠᠮᠢ ᠠᠬᠤᠢ ᠶᠢᠨ ᠴᠢᠳᠠᠮᠵᠢ ᠶᠢ ᠢᠯᠡᠳᠲᠡ ᠰᠡᠷᠭᠦᠭᠡᠵᠡᠢ᠃  ᠡᠩᠬᠡ ᠭᠤᠸᠠᠢ ᠡᠪᠡᠰᠦ ᠮᠤᠳᠤ ᠲᠠᠷᠢᠬᠤ᠂ ᠵᠠᠰᠠᠭ ᠠᠴᠠ ᠲᠥᠷᠦᠯ ᠵᠦᠢᠯ ᠡᠷᠡᠮᠡᠯᠵᠡᠯᠡᠬᠦ᠂ ᠬᠤᠳᠳᠤᠭ ᠮᠠᠯᠲᠠᠬᠤ ᠵᠡᠷᠭᠡ ᠤᠯᠠᠨ ᠵᠦᠢᠯ ᠤᠨ ᠠᠷᠭ᠎ᠠ ᠠᠪᠴᠠᠯ ᠢ ᠢᠳᠡᠪᠬᠢᠳᠡᠢ ᠤᠶᠠᠯᠳᠤᠭᠤᠯᠵᠤ᠂ ᠬᠠᠮᠠᠭᠠᠯᠠᠬᠤ ᠪᠠᠷ ᠭᠤᠤᠯᠳᠠᠭᠤᠯᠵᠤ᠂ ᠡᠯᠡᠰᠦ ᠲᠠᠢ ᠴᠢᠷᠮᠠᠶᠢᠨ ᠲᠡᠮᠡᠴᠡᠭᠰᠡᠨ ᠠᠴᠠ ᠣᠳᠤ ᠪᠣᠯᠬᠤ ᠳᠤ ᠬᠦᠭᠡᠷᠴᠡᠭ ᠤᠨ ᠡᠯᠡᠰᠦ ᠨᠢ ᠨᠡᠶᠢᠳᠡᠮ ᠳᠤ ᠪᠠᠨ ᠡᠳᠡᠭᠡᠷᠡᠨ᠂ ᠠᠯᠲᠠᠨ ᠬᠠᠷᠭᠠᠨ᠎ᠠ᠂ ᠮᠤᠷᠢᠨ ᠬᠤᠨᠴᠢᠷ᠂ ᠬᠠᠶᠢᠯᠠᠰᠤ᠂ ᠬᠤᠨᠢᠨ ᠰᠢᠪᠠᠭ ᠵᠡᠷᠭᠡ ᠠᠷᠪᠠᠭᠠᠳ ᠲᠥᠷᠦᠯ ᠤᠨ ᠡᠪᠡᠰᠦ ᠮᠤᠳᠤ ᠬᠠᠯᠢᠭᠤᠷᠠᠨ᠂ ᠲᠠᠯ᠎ᠠ ᠨᠤᠲᠤᠭ ᠤᠨ ᠦᠷᠦᠴᠡᠨ ᠳᠠᠬᠢ ᠨᠤᠭᠤᠭᠠᠨ ᠪᠦᠷᠢᠳᠦ ᠪᠤᠯᠤᠭᠰᠠᠨ ᠪᠠᠶᠢᠨ᠎ᠠ᠃      ᠨᠡᠯᠦᠭᠡᠷ ᠶᠡᠭᠡ ᠰᠢᠭᠤᠶᠢᠲᠤ ᠤᠷᠤᠨ ᠠᠴᠠ ᠥᠷᠭᠡᠨ ᠠᠭᠤᠳᠠᠮ ᠲᠠᠯ᠎ᠠ ᠨᠤᠲᠤᠭ ᠬᠦᠷᠲᠡᠯ᠎ᠡ᠂ ᠠᠭᠤᠯᠠ ᠳᠠᠪᠠᠭ᠎ᠠ ᠨᠤᠮᠢᠨ ᠳᠤᠯᠭᠢᠶᠠᠨ ᠠᠴᠠ ᠭᠤᠪᠢ ᠴᠥᠯ ᠬᠦᠷᠲᠡᠯ᠎ᠡ ︽ᠭᠤᠷᠪᠠᠨ ᠤᠮᠠᠷᠠᠲᠤ︾ ᠶᠢ ᠰᠤᠨᠳᠠᠯᠠᠭᠰᠠᠨ ᠦᠪᠦᠷ ᠮᠤᠩᠭᠤᠯ ᠤᠨ ᠠᠮᠢ ᠠᠬᠤᠢ ᠶᠢᠨ ᠤᠷᠴᠢᠨ ᠲᠤᠭᠤᠷᠢᠨ ᠢᠯᠡᠳᠳᠡ ᠰᠠᠶᠢᠵᠢᠷᠠᠵᠠᠢ᠃ 30 ᠭᠠᠷᠤᠢ ᠵᠢᠯ ᠤᠨ ᠲᠤᠷᠰᠢ᠂ ᠲᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠬᠦ ᠶᠢᠨ ᠲᠥᠯᠥᠭᠡ᠂ ᠡᠩᠬᠡ ᠲᠠᠢ ᠠᠳᠠᠯᠢᠬᠠᠨ ᠡᠯᠡᠰᠦ ᠵᠠᠰᠠᠭᠴᠢᠳ ᠢᠲᠡᠭᠡᠯ ᠵᠣᠷᠢᠭ ᠢᠶᠠᠨ ᠪᠠᠲᠤᠳᠬᠠᠵᠤ᠂ ᠲᠡᠦᠬᠡᠲᠦ ᠡᠭᠦᠷᠭᠡ ᠪᠠᠨ ᠵᠣᠷᠢᠭᠲᠠᠢ ᠪᠠᠷ ᠡᠭᠦᠷᠭᠡᠯᠡᠵᠦ᠂ ᠴᠠᠭ ᠦᠶ᠎ᠡ ᠶᠢᠨ ᠤᠷᠢᠶᠠᠯᠠᠭ᠎ᠠ ᠶᠢ ᠴᠤᠤᠷᠢᠶᠠᠲᠤᠨ ᠲᠠᠭᠠᠵᠦ᠂ ᠨᠤᠮᠢᠨ ᠨᠤᠭᠤᠭᠠᠨ ᠬᠦᠰᠡᠯ ᠢᠶᠠᠨ ᠲᠡᠷᠭᠡᠯᠰᠢᠭᠦᠯᠬᠦ ᠪᠠᠷ ᠤᠶᠢᠭ᠎ᠠ ᠦᠭᠡᠢ ᠬᠦᠳᠡᠯᠮᠦᠷᠢᠯᠡᠵᠡᠢ᠃ ᠲᠡᠳᠡᠨ ᠤ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠬᠤ ᠳᠤ ᠲᠡᠮᠡᠴᠡᠭᠰᠡᠨ ᠠᠷᠤ ᠶᠢᠨ ᠪᠠᠷ᠎ᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢᠨ ᠬᠠᠮᠤᠭ ᠤᠨ ᠠᠮᠢᠳᠤᠯᠢᠭ ᠲᠠᠶᠢᠯᠪᠤᠷᠢ ᠮᠥᠨ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号