ᠮᠠᠨ ᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠣᠯᠠᠨ ᠠᠭᠤᠯᠭ᠎ᠠ ᠬᠡᠯᠪᠡᠷᠢ ᠪᠠᠷ ᠤᠭᠲᠤᠯ᠎ᠠ
ᠨᠡᠶᠢᠲᠡᠯᠡᠭᠰᠡᠨ ᠴᠠᠭ᠄
2023/9/6
      ᠣᠶᠢᠷ᠎ᠠ ᠳᠤ᠂ ᠮᠠᠨ ᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠨ ᠠᠪᠤᠯ᠎ᠠ᠃ ᠪᠠᠭᠰᠢ ᠨᠠᠷ ᠭᠤᠶᠢᠲᠠ ᠰᠠᠶᠢᠬᠠᠨ ᠰᠤᠷᠭᠠᠭᠤᠯᠢ ᠡᠬᠢᠯᠡᠬᠦ ᠬᠥᠳᠡᠯᠭᠡᠭᠡᠨ ᠲᠥᠰᠦᠪᠯᠡᠵᠦ ᠰᠤᠷᠤᠭᠴᠢᠳ ᠢᠶᠠᠨ ᠣᠭᠲᠤᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠪᠠ ᠠᠮᠢᠳᠤᠷᠠᠯ ᠢᠶᠠᠨ ᠡᠬᠢᠯᠡᠭᠦᠯᠦᠭᠰᠡᠨ ᠪᠠᠶᠢᠨ᠎ᠠ᠃      ᠡᠨᠡ ᠬᠤᠭᠤᠴᠠᠭᠠᠨ ᠳᠤ᠂ ᠰᠤᠷᠤᠭᠴᠢᠳ ᠢ ᠬᠠᠪᠰᠤᠷᠤᠨ ᠠᠮᠠᠷᠠᠯᠲᠠ ᠶᠢᠨ ᠬᠤᠭᠤᠴᠠᠭᠠᠨ ᠤ ᠪᠠᠶᠢᠳᠠᠯ ᠠᠴᠠ  ᠨᠢ ᠡᠳᠦᠷ ᠲᠤᠲᠤᠮ‌‍ᠤᠨ ᠰᠤᠷᠭᠠᠭᠤᠯᠢ ᠶᠢᠨ ᠬᠦᠷᠢᠶᠡᠨ ᠤ ᠰᠤᠷᠤᠯᠴᠠᠬᠤ ᠪᠠᠶᠢᠳᠠᠯ ᠳᠤᠨᠢ ᠲᠦᠷᠭᠡᠨ ᠣᠷᠣᠭᠤᠯᠵᠦ᠂ ᠰᠤᠷᠭᠠᠭᠤᠯᠢ ᠶᠢᠨ ᠡᠯ᠎ᠡ ᠲᠦᠷᠦᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠴᠢᠨᠠᠭᠰᠢᠳᠠ ᠠᠬᠢᠭᠤᠯᠬᠤ ᠶᠢᠨ ᠲᠦᠯᠦᠭᠡ᠂ ᠮᠠᠨ ᠤ ᠬᠤᠰᠢᠭᠤᠨ ᠤ ᠲᠦᠷᠪᠡᠨ ᠪᠠᠭ᠎ᠠ ᠰᠤᠷᠭᠠᠭᠤᠯᠢ ᠶᠢᠨ ᠪᠠᠭᠰᠢ ᠨᠠᠷ ᠠᠴᠠ ᠠᠮᠤᠷ ᠲᠦᠪᠰᠢᠨ ᠤ ᠬᠥᠮᠦᠵᠢᠯ᠂ ᠪᠣᠯᠪᠠᠰᠤᠨ ᠶᠣᠰᠣ ᠵᠢᠷᠤᠮ᠂ ᠰᠤᠷᠭᠠᠭᠤᠯᠢ ᠶᠢᠨ ᠳᠦᠷᠢᠮ ᠠᠩᠭᠢ ᠶᠢᠨ ᠳᠦᠷᠢᠮ᠂ ᠰᠢᠨ᠎ᠡ ᠰᠤᠷᠤᠯᠭ᠎ᠠ  ᠶᠢᠨ ᠬᠤᠭᠤᠴᠠᠭᠠᠨ ᠤ ᠲᠥᠯᠦᠪᠵᠢᠭᠦᠯᠭᠡ ᠵᠡᠷᠭᠡ ᠲᠠᠯ᠎ᠠ ᠪᠠᠷ ᠭᠤᠣᠯ ᠠᠭᠤᠯᠭ᠎ᠠ ᠪᠣᠯᠭᠠᠭᠰᠠᠨ  ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠤᠨ ᠠᠵᠢᠯᠯᠠᠭ᠎ᠠ ᠶᠢ  ᠪᠡᠯᠡᠳᠭᠡᠭᠰᠡᠨ ᠪᠠᠶᠢᠨ᠎ᠠ᠃      8 ᠰᠠᠷ᠎ᠠ ᠶᠢᠨ 28 ᠤ ᠡᠳᠦᠷ ᠮᠠᠨ ᠤ ᠬᠤᠰᠢᠭᠤᠨ ᠤ ᠡᠯ᠎ᠡ ᠪᠠᠭ᠎ᠠ ᠰᠤᠷᠭᠠᠭᠤᠯᠢ ᠵᠠᠯᠭᠠᠭ᠎ᠠ ᠪᠠᠷ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠵᠤ᠂ ᠪᠥᠬᠦ ᠪᠠᠭᠰᠢ ᠰᠤᠷᠤᠭᠴᠢᠳ ᠲᠥᠪ ᠵᠣᠭᠰᠣᠨ᠂ ᠤᠯᠤᠰ ᠤᠨ ᠲᠤᠭ ᠲᠤ ᠶᠣᠰᠣᠯᠠᠵᠤ᠂ ᠥᠪᠡᠷ ᠤᠨ ᠡᠬᠡ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠢᠯᠡᠷᠡᠭᠦᠯᠵᠡᠢ᠃ ᠳᠠᠷᠠᠭ᠎ᠠ ᠨᠢ ᠂ ᠡᠯ᠎ᠡ ᠠᠩᠭᠢ ᠶᠢᠨ ᠡᠷᠬᠢᠯᠡᠭᠴᠢ ᠠᠴᠠ ᠬᠢᠴᠢᠶᠡᠯ ᠤᠨ ᠲᠠᠩᠬᠢᠮ᠂ ᠬᠢᠴᠢᠶᠡᠯ ᠤᠨ ᠵᠠᠪᠰᠠᠷᠯᠠᠭ᠎ᠠ᠂ ᠡᠷᠡᠭᠦᠯ ᠬᠠᠮᠠᠭᠠᠯᠠᠯ᠂ ᠰᠠᠬᠢᠯᠭ᠎ᠠ ᠪᠠᠲᠤ᠂ ᠠᠮᠤᠷ ᠲᠦᠪᠰᠢᠨ᠂ ᠨᠠᠮᠤᠷ ᠤᠨ ᠤᠯᠠᠷᠢᠯ ᠤᠨ ᠬᠢᠮᠤᠷᠠᠭ᠎ᠠ ᠶᠢ ᠰᠡᠷᠭᠡᠶᠢᠯᠡᠬᠦ ᠵᠡᠷᠭᠡ ᠲᠠᠯ᠎ᠠ ᠪᠠᠷ ᠰᠤᠷᠤᠭᠴᠢᠳ ᠲᠤ ᠱᠠᠭᠠᠷᠳᠠᠯᠭ᠎ᠠ ᠳᠤᠷᠠᠳᠴᠤ᠂ ᠪᠠᠰᠠ ᠰᠤᠷᠤᠭᠴᠢᠳ ᠢ ᠵᠢᠯᠣᠭᠤᠳᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠰᠢᠨ᠎ᠡ ᠬᠠᠷᠠᠯᠲᠠ ᠳᠣᠭᠲᠠᠭᠠᠯᠭᠠᠵᠤ᠂ ᠰᠡᠳᠬᠢᠯ ᠰᠠᠨᠠᠭ᠎ᠠ ᠪᠠᠨ ᠴᠠᠭ ᠲᠤᠬᠠᠢ ᠳᠤᠨᠢ ᠲᠣᠬᠢᠷᠠᠭᠤᠯᠵᠤ ᠪᠠᠶᠢᠭᠠᠳ ᠥᠪᠡᠷ ᠤᠨ ᠲᠣᠭᠲᠠᠭᠠᠭᠰᠠᠨ ᠬᠠᠷᠠᠯᠲᠠ ᠪᠠᠨ ᠪᠡᠶᠡᠯᠡᠭᠦᠯᠬᠦ ᠪᠠᠷ ᠴᠢᠷᠮᠠᠶᠢᠬᠤ ᠶᠢ ᠨᠢ ᠵᠣᠷᠢᠭᠵᠢᠭᠤᠯᠵᠠᠢ᠃      ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠡᠯ᠎ᠡ ᠳᠣᠮᠳᠠᠳᠣ ᠪᠠᠭ᠎ᠠ ᠰᠤᠷᠭᠠᠭᠤᠯᠢ ᠶᠢᠨ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠤᠨ ᠠᠵᠢᠯᠯᠠᠭ᠎ᠠ ᠨᠢ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠥᠮᠥᠵᠢᠭᠦᠯᠬᠦ ᠪᠠ ᠦᠢᠯᠡᠳᠦᠯᠭᠡᠵᠢᠭᠦᠯᠬᠦ ᠪᠠᠷ ᠦᠨᠳᠦᠰᠦ ᠪᠣᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠪᠠᠷ ᠬᠠᠷᠠᠯᠲᠠ ᠪᠣᠯᠭᠠᠵᠤ᠂ ᠪᠥᠬᠦ ᠪᠠᠭᠰᠢ ᠰᠤᠷᠤᠭᠴᠢᠳ ᠤᠨ ᠡᠷᠴᠢ ᠵᠣᠷᠢᠭ ᠢᠶᠠᠨ ᠬᠥᠪᠴᠢᠯᠡᠨ ᠡᠷᠡᠮᠡᠬᠡᠶᠢᠯᠡᠨ ᠤᠷᠤᠭᠰᠢᠯᠠᠵᠤ᠂ ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠣᠪᠣᠷ ᠢᠶᠠᠷ ᠰᠢᠷᠭᠠᠭᠤ ᠬᠠᠲᠠᠭᠤᠵᠢᠯᠲᠠᠶ ᠠᠵᠢᠯᠯᠠᠵᠤ᠂ ᠨᠠᠩ ᠰᠠᠶᠢᠨ ᠰᠠᠶᠢᠬᠠᠨ ᠢᠷᠡᠭᠡᠳᠦᠶ ᠵᠦᠭ ᠡᠷᠡᠯᠬᠡᠭᠯᠡᠨ ᠤᠷᠤᠭᠰᠢᠯᠠᠬᠤ ᠶᠢ ᠵᠤᠷᠢᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号