ᠬᠤᠰᠢᠭᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠵᠤᠬᠢᠴᠠᠭᠤᠯᠬᠤ ᠠᠵᠢᠯ ᠤᠨ ᠣᠳᠣᠷᠢᠳᠬᠤ ᠳᠣᠭᠤᠶᠢᠯᠠᠩ ᠤᠨ ᠠᠩᠬᠠᠳᠣᠭᠠᠷ ᠣᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/6
      8 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠵᠤᠬᠢᠴᠠᠭᠤᠯᠬᠤ ᠠᠵᠢᠯ ᠤᠨ ᠣᠳᠣᠷᠢᠳᠬᠤ ᠳᠣᠭᠤᠶᠢᠯᠠᠩ ᠤᠨ ᠠᠩᠬᠠᠳᠣᠭᠠᠷ ᠣᠳᠠᠭᠠᠨ ᠤ ᠬᠤᠷᠠᠯ ᠢ ᠡᠷᠭᠢᠯᠡᠨ ᠬᠤᠷᠠᠯᠳᠣᠭᠤᠯᠪᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥᠩᠬᠡ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠢ᠃      ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠠᠷᠪᠠᠨ ᠵᠤᠷᠪᠤᠰ ᠰᠠᠨᠠᠯ︾ ᠢ ᠤᠯᠠᠮᠵᠢᠯᠠᠵᠤ᠂ ᠵᠡᠭᠦᠨ ᠦᠵᠦᠮᠦᠴᠢᠨ ᠬᠤᠰᠢᠭᠤᠨ ᠤ ᠬᠢᠨᠠᠯᠲᠠ ᠲᠠᠯᠪᠢᠬᠤ ᠶᠢ ᠳᠣᠭᠤᠰᠢᠯᠠᠭᠤᠯᠤᠨ ᠵᠣᠬᠢᠴᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ᠵᠢᠴᠢ ᠠᠯᠪᠠᠨ ᠭᠡᠷ ᠤᠨ ᠠᠵᠢᠯ ᠤᠨ ᠨᠠᠷᠢᠨ ᠳᠦᠷᠢᠮ ᠢ ᠬᠢᠨᠠᠨ ᠵᠥᠪᠯᠡᠵᠦ ᠪᠠᠲᠤᠯᠠᠪᠠ᠃      ᠬᠢᠩᠭᠠᠨ ᠴᠢᠬᠤᠯᠠᠴᠢᠯᠠᠬᠤ ᠳᠠᠭᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠶᠢ ᠵᠤᠬᠢᠴᠠᠭᠤᠯᠬᠤ ᠠᠵᠢᠯ ᠢ ᠭᠦᠨᠵᠡᠭᠡᠶᠢᠷᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠬᠢᠨᠠᠯᠲᠠ ᠲᠠᠯᠪᠢᠬᠤ ᠶᠢ ᠵᠤᠬᠢᠴᠠᠭᠤᠯᠬᠤ ᠠᠵᠢᠯ ᠢ ᠭᠦᠨᠵᠡᠭᠡᠶᠢᠷᠡᠭᠦᠯᠬᠦ ᠶᠢᠨ ᠭᠤᠣᠯ ᠰᠢᠪᠲᠤᠯᠤᠯᠲᠠ ᠶᠢᠨ ᠴᠢᠭᠯᠡᠯ ᠢ ᠣᠨᠣᠪᠴᠢᠲᠠᠶ ᠡᠵᠡᠮᠰᠢᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠢᠨᠠᠯᠲᠠ ᠲᠠᠯᠪᠢᠬᠤ ᠶᠢ ᠵᠤᠬᠢᠴᠠᠭᠤᠯᠬᠤ ᠠᠵᠢᠯ ᠢ ᠭᠦᠨᠵᠡᠭᠡᠶᠢᠷᠡᠭᠦᠯᠬᠦ ᠶᠢ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠢᠳᠡᠪᠬᠢᠲᠡᠢ ᠪᠠᠷ ᠰᠢᠨ᠎ᠡ ᠶᠢ ᠡᠭᠦᠳᠴᠦ᠂ ᠡᠯ᠎ᠡ ᠲᠥᠷᠥᠯ ᠤᠨ ᠬᠢᠨᠠᠯᠲᠠ ᠲᠠᠯᠪᠢᠬᠤ ᠶᠢ ᠵᠤᠬᠢᠴᠠᠭᠤᠯᠬᠤ ᠥᠨᠳᠥᠷ ᠪᠦᠲᠦᠮᠵᠢᠲᠡᠶ ᠪᠠᠷ ᠠᠵᠢᠯᠯᠠᠭᠤᠯᠬᠤ ᠬᠢᠨᠠᠯᠲᠠ ᠶᠢᠨ ᠲᠣᠣᠷ ᠢ ᠲᠦᠷᠭᠡᠳᠬᠡᠨ ᠪᠠᠶᠢᠭᠤᠯᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠬᠢᠭᠡᠳ ᠪᠤᠰᠤᠳ ᠡᠯ᠎ᠡ ᠲᠥᠷᠥᠯ ᠤᠨ ᠬᠢᠨᠠᠯᠲᠠ ᠶᠢ ᠣᠷᠭᠠᠨᠢᠭ ᠢᠶᠠᠷ ᠨᠡᠪᠲᠡᠷᠡᠭᠦᠯᠬᠦ ᠶᠢ ᠠᠬᠢᠭᠤᠯᠤᠨ᠂ ᠬᠠᠮᠳᠣᠷᠠᠭᠰᠠᠨ ᠬᠦᠴᠦᠨ ᠢ ᠪᠦᠷᠢᠯᠳᠦᠭᠦᠯᠵᠦ᠂ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢ ᠵᠡᠷᠭᠡᠪᠡᠷ ᠠᠬᠢᠭᠤᠯᠵᠤ᠂ ᠬᠠᠮᠲᠤ ᠪᠠᠷ ᠬᠦᠴᠦᠯᠡᠬᠦ ᠶᠢ ᠪᠠᠲᠤᠯᠠᠵᠤ᠂ ᠴᠢᠨᠠᠷ ᠰᠠᠶᠢᠲᠠᠢ ᠬᠢᠨᠠᠯᠲᠠ ᠲᠠᠯᠪᠢᠯᠲᠠ ᠪᠠᠷ ᠵᠡᠭᠦᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠰᠢᠭᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠵᠤᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号