ᠬᠤᠰᠢᠭᠤ ᠪᠠᠶᠢᠭᠠᠯᠢᠯᠢᠭ ᠬᠠᠳᠦᠯᠠᠩ ᠤᠨ ᠬᠢᠨᠠᠨ ᠪᠠᠶᠢᠴᠠᠭᠠᠬᠤ ᠳᠣᠯᠣᠳᠤᠭᠠᠷ ᠳᠤᠭᠤᠶᠢᠯᠠᠩ ᠠᠯᠲᠠᠨᠬᠢᠯᠢ ᠰᠤᠮᠤᠨ ᠤ ᠬᠠᠳᠤᠯᠠᠩ ᠤᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2023/9/7
      8 ᠰᠠᠷ᠎ᠠ ᠶᠢᠨ 31 ᠤ ᠡᠳᠦᠷ ᠬᠤᠰᠢᠭᠤ ᠪᠠᠶᠢᠭᠠᠯᠢᠯᠢᠭ ᠬᠠᠳᠦᠯᠠᠩ ᠤᠨ ᠬᠢᠨᠠᠨ ᠪᠠᠶᠢᠴᠠᠭᠠᠬᠤ ᠳᠣᠯᠣᠳᠤᠭᠠᠷ ᠳᠤᠭᠤᠶᠢᠯᠠᠩ ᠠᠯᠲᠠᠨᠬᠢᠯᠢ ᠰᠤᠮᠤ ᠳᠤ ᠭᠦᠨᠵᠡᠭᠡᠶᠢᠷᠡᠵᠦ᠂ ᠰᠤᠮᠤᠨ ᠤ ᠬᠠᠷᠢᠶ᠎ᠠ ᠣᠷᠣᠨ ᠳᠠᠬᠢ ᠪᠠᠶᠢᠭᠠᠯᠢᠯᠢᠭ ᠬᠠᠳᠦᠯᠠᠩ  ᠤᠨ ᠬᠠᠮᠢᠭ᠎ᠠ ᠪᠦᠬᠦᠢ ᠠᠵᠢᠯ ᠤᠨ ᠥᠷᠨᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠨ ᠵᠢᠯᠣᠭᠤᠳᠪᠠ᠃      ᠪᠠᠶᠢᠴᠠᠭᠠᠬᠤ ᠳᠤᠭᠤᠶᠢᠯᠠᠩ ᠤᠨ ᠬᠢᠨ ︽ᠡᠪᠡᠰᠦ ᠬᠠᠳᠤᠬᠤ ᠦᠨᠡᠮᠯᠡᠯ︾ ᠪᠣᠯᠣᠨ ︽ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠨᠢ ᠪᠦᠷᠢᠨ ᠭᠦᠢᠴᠡᠳ ᠡᠰᠡᠬᠦ᠂ ᠬᠠᠳᠤᠯᠠᠩ ᠤᠨ ᠣᠷᠣᠨ ᠪᠠᠶᠢᠷᠢ᠂ ᠡᠪᠡᠰᠦ ᠬᠠᠳᠤᠬᠤ ᠲᠠᠯᠠᠪᠠᠢ᠂ ᠡᠷᠭᠢᠯᠲᠡ ᠳᠤ ᠣᠷᠣᠭᠤᠯᠬᠤ ᠲᠠᠯᠠᠪᠠᠢ᠂ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ᠂ ᠡᠪᠡᠰᠦᠨ ᠦᠷ᠎ᠡ ᠶᠢᠨ ᠪᠦᠰᠡ ᠶᠢᠨ ᠦᠷᠭᠡᠨ ᠵᠢᠴᠢ ᠡᠪᠡᠰᠦ ᠬᠠᠳᠤᠬᠤ ᠴᠠᠭ ᠵᠡᠷᠭᠡ ᠲᠣᠭᠲᠠᠭᠠᠯ ᠢ ᠴᠢᠩᠭ᠎ᠠ ᠵᠢᠷᠤᠮᠯᠡᠭᠰᠡᠨ‌ᠡᠰᠡᠬᠦ ᠂ ᠲᠤᠬᠠᠢ ᠶᠢᠨ ᠭᠠᠵᠠᠷ ᠲᠤᠨᠢ ᠭᠠᠯ ᠰᠡᠷᠭᠡᠶᠢᠯᠡᠬᠦ ᠲᠥᠬᠦᠭᠡᠷᠦᠮᠵᠢ ᠲᠣᠬᠢᠷᠠᠭᠤᠯᠤᠭᠰᠠᠨ ᠡᠰᠡᠬᠦ᠂ ᠬᠡᠭᠡᠷ᠎ᠡ ᠭᠠᠳᠠᠨ᠎ᠠ ᠭᠠᠯ ᠬᠡᠷᠡᠭᠯᠡᠬᠦ  ᠵᠡᠷᠭᠡ ᠬᠠᠮᠢᠭ᠎ᠠ ᠪᠦᠬᠦᠢ  ᠬᠠᠤᠯᠢ ᠴᠠᠭᠠᠵᠠ᠂ ᠬᠠᠤᠯᠢ ᠳᠦᠷᠢᠮ ᠢ ᠴᠢᠩᠭ᠎ᠠ ᠵᠢᠷᠤᠮᠯᠠᠨ ᠡᠰᠡᠬᠦ ᠵᠡᠷᠭᠡ ᠶᠢ ᠪᠠᠶᠢᠴᠠᠭᠠᠨ ᠦᠵᠡᠪᠡ᠃      ᠲᠠᠷᠠᠭᠠᠴᠢ ᠶᠢᠨ ᠠᠯᠬᠤᠮ ᠳᠤ᠂ ᠠᠯᠲᠠᠨᠬᠢᠯᠢ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠠᠯᠢᠯᠢᠭ ᠬᠠᠳᠦᠯᠠᠩ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠬᠦᠴᠦᠯᠡᠴᠡ ᠪᠠᠨ ᠴᠢᠭᠠᠳᠬᠠᠵᠤ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠡᠪᠡᠰᠦ ᠬᠠᠳᠤᠬᠤ ᠠᠵᠢᠯ ᠢ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ ᠶᠠᠪᠤᠭᠳᠠᠭᠤᠯᠬᠤ ᠶᠢ ᠦᠨᠡᠨ ᠬᠦ ᠪᠠᠲᠤᠯᠠᠵᠤ᠂ ᠪᠠᠶᠢᠭᠠᠯᠢᠯᠢᠭ ᠬᠠᠳᠦᠯᠠᠩ‌‍ᠤᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠦᠲᠦᠮᠵᠢᠲᠡᠶ ᠪᠡᠶᠡᠯᠡᠭᠦᠯᠦᠨ᠎ᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号