8 ᠰᠠᠷ᠎ᠠ ᠶᠢᠨ 28 ᠤ ᠡᠳᠦᠷ᠂ ᠮᠠᠨ ᠤ ᠬᠤᠰᠢᠭᠤ 2023 ᠣᠨ ᠤ ᠪᠥᠬᠦ ᠬᠤᠰᠢᠭᠤᠨ ᠤ ᠨᠠᠮᠤᠷ ᠤᠨ | ᠤᠯᠠᠷᠢᠯ ᠤᠨ ᠮᠠᠯᠵᠢᠬᠤ ᠣᠷᠣᠨ ᠤ ᠭᠤᠣᠯᠳᠠᠯᠭ᠎ᠠ ᠲᠠᠢ ᠠᠵᠢᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠳᠡᠳ᠋ ᠬᠤᠰᠢᠭᠤ ᠳᠠᠷᠤᠭ᠎ᠠ ᠰᠡᠴᠡᠨ ᠬᠤᠷᠠᠯ ᠡᠷᠭᠢᠯᠡᠪᠡ᠃ | ᠬᠤᠷᠠᠯ ᠳᠡᠭᠡᠷ᠎ᠡ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠢᠯ ᠤᠨ ᠡᠬᠢᠨ ᠠᠴᠠ ᠨᠠᠰᠢᠬᠢ | ᠮᠠᠯᠵᠢᠬᠤ ᠣᠷᠣᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠭᠰᠡᠨ ᠪᠥᠭᠡᠳ ᠨᠠᠮᠤᠷ ᠤᠨ | ᠤᠯᠠᠷᠢᠯ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠳᠤᠯᠠᠩ | ᠪᠡᠯᠴᠢᠭᠡᠷ ᠤᠨ ᠬᠢᠨᠠᠯᠲᠠ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ︽ᠵᠡᠭᠦᠨ ᠦᠵᠦᠮᠦᠴᠢᠨ ᠬᠤᠰᠢᠭᠤᠨ ᠤ | ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠴᠢᠩᠭ᠎ᠠ | ᠬᠡᠷᠡᠭᠵᠢᠭᠦᠯᠵᠦ᠂ ᠬᠤᠶᠠᠷ ᠬᠡᠰᠡᠭ ᠬᠤᠪᠢᠶᠠᠵᠦ ᠬᠤᠶᠠᠷ ᠵᠢᠯ ᠰᠡᠯᠭᠦᠨ ᠬᠠᠳᠤᠬᠤ ᠳᠦᠷᠢᠮ ᠢ ᠭᠦᠨᠵᠡᠭᠡᠢ | ᠨᠠᠶᠢᠳᠠᠪᠤᠷᠢᠵᠢᠭᠤᠯᠵᠤ᠂ ᠭᠤᠤᠷᠰᠤ ᠦᠯᠡᠳᠡᠭᠡᠬᠦ ᠦᠭᠡᠢ᠂ ᠬᠡᠲᠦᠷᠡᠲᠡᠯ᠎ᠡ ᠬᠠᠳᠤᠬᠤ ᠵᠡᠷᠭᠡ ᠠᠵᠢᠯᠯᠠᠭ᠎ᠠ ᠶᠢ ᠴᠢᠩᠭ᠎ᠠ | ᠴᠠᠭᠠᠵᠠᠯᠠᠬᠤ ᠬᠡᠷᠡᠭᠲᠡᠢ᠃ ᠡᠭᠦᠨ ᠤ ᠬᠠᠮᠲᠤ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠡᠪᠡᠰᠦ ᠪᠣᠷᠳᠤᠭ᠎ᠠ ᠶᠢ | ᠨᠥᠭᠡᠴᠡᠯᠡᠬᠦ ᠠᠵᠢᠯ ᠢ ᠰᠠᠶᠢᠲᠤᠷ ᠬᠢᠨᠠᠮᠠᠭᠠᠢ ᠬᠢᠵᠦ᠂ ᠮᠠᠯ ᠤᠨ ᠡᠪᠦᠯ ᠬᠠᠪᠤᠷ ᠢ ᠥᠩᠭᠡᠷᠡᠭᠡᠬᠦ ᠳᠤ ᠪᠠᠲᠤᠯᠠᠭ᠎ᠠ | ᠬᠠᠩᠭᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠯᠴᠢᠭᠡᠷ ᠤᠨ ᠪᠠᠭᠲᠠᠭᠠᠮᠵᠢ ᠶᠢ ᠰᠢᠨᠵᠢᠯᠡᠬᠦ | ᠤᠬᠠᠭᠠᠨᠴᠢ ᠪᠠᠷ ᠬᠢᠨᠠᠨ ᠲᠣᠭᠲᠠᠭᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ | ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠠᠳᠬᠤᠵᠤ᠂ ᠮᠠᠯᠴᠢᠳ ᠢ ᠬᠥᠲᠥᠯᠥᠨ ᠵᠢᠯᠤᠭᠤᠳᠴᠤ ᠵᠠᠬ᠎ᠠ ᠳᠡᠯᠭᠡᠭᠦᠷ ᠤᠨ ᠵᠢᠮ᠎ᠡ | ᠶᠣᠰᠣ ᠶᠢ ᠵᠥᠪ ᠲᠠᠨᠢᠭᠤᠯᠵᠤ᠂ ᠮᠠᠯᠴᠢᠳ ᠢ ᠳᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠡᠷᠲᠡ ᠵᠠᠷᠤᠴᠠᠭᠤᠯᠬᠤ᠂ | ᠤᠯᠠᠨ ᠵᠠᠷᠤᠴᠠᠭᠤᠯᠬᠤ᠂ ᠲᠦᠷᠭᠡᠨ ᠵᠠᠷᠤᠴᠠᠭᠤᠯᠬᠤ ᠶᠢ ᠨᠢ ᠳᠠᠶᠢᠴᠢᠯᠠᠵᠤ᠂ ᠠᠷᠠᠴᠢᠯᠠᠨ ᠲᠡᠵᠢᠭᠡᠬᠦ ᠥᠪᠡᠷ ᠤᠨ | ᠦᠷᠳᠡᠭ ᠢ ᠪᠠᠭᠤᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠳᠠᠷᠤᠯᠲᠠ ᠶᠢ ᠦᠨᠡᠨᠬᠦ ᠬᠥᠩᠭᠡᠷᠡᠭᠦᠯᠬᠦ ᠬᠡᠷᠡᠭᠲᠡᠢ | ᠭᠡᠵᠡᠢ᠃ | ᠬᠤᠷᠠᠯ ᠠᠴᠠ ᠱᠠᠭᠠᠷᠳᠠᠬᠤ ᠳᠠᠭᠠᠨ᠂ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠬᠦ ᠬᠤᠭᠤᠴᠠᠭ᠎ᠠ ᠣᠶᠢᠷᠠᠳᠴᠤ ᠪᠠᠶᠢᠭ᠎ᠠ ᠪᠤᠯᠬᠤᠷ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠲᠦᠢᠮᠡᠷ ᠢ | ᠰᠡᠷᠭᠡᠶᠢᠯᠡᠬᠦ ᠡᠳ᠋ ᠪᠣᠳᠠᠰ ᠪᠣᠯᠣᠨ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ | ᠬᠢᠯᠢ ᠶᠢᠨ ᠲᠦᠢᠮᠡᠷ ᠢ ᠰᠡᠷᠭᠡᠶᠢᠯᠡᠬᠦ ᠴᠠᠷᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ | ᠨᠠᠮᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ | ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠪᠴᠢᠶᠡᠵᠢᠭᠰᠡᠨ ᠴᠢᠨᠠᠷᠲᠠᠢ | ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠪᠡ ᠃ | ᠬᠤᠷᠠᠯ ᠳᠤ᠂ ᠰᠡᠴᠡᠨ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠡᠯ᠎ᠡ ᠰᠤᠮᠤ ᠪᠠᠯᠭᠠᠰᠤ | ᠲᠠᠢ 2023 ᠣᠨ ᠤ ᠮᠠᠯᠵᠢᠬᠤ ᠣᠷᠣᠨ ᠤ ᠨᠠᠮᠤᠷ ᠤᠨ ᠤᠯᠠᠷᠢᠯ ᠤᠨ ᠭᠤᠣᠯᠳᠠᠯᠭ᠎ᠠ ᠲᠠᠢ ᠠᠵᠢᠯ ᠤᠨ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃ | ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ | ᠤᠳᠤᠷᠢᠳᠤᠯᠭ᠎ᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠡᠯᠭᠡᠷᠡᠭᠦᠯᠦᠯᠲᠡ ᠶᠢᠨ | ᠲᠥᠪ ᠤᠨ ᠡᠷᠬᠢᠯᠡᠭᠴᠢ ᠵᠢᠴᠢ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠢ᠃ |