ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠵᠡᠭᠦᠨ ᠦᠵᠦᠮᠦᠴᠢᠨ ᠬᠤᠰᠢᠭᠤᠨ ᠤ ᠰᠠᠯᠪᠤᠷᠢ ᠪᠠᠩᠬᠢ ᠠᠴᠠ ᠬᠤᠰᠢᠭᠤ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ᠶᠢᠨ ᠰᠢᠯᠢ ᠶᠢᠨ ᠭᠤᠣᠯ ᠠᠶᠢᠮᠠᠭ ᠤᠨ ᠬᠤᠪᠢᠶᠠᠷᠢ ᠺᠣᠮᠫᠠᠨᠢ ᠲᠠᠢ ᠭᠤᠷᠪᠠᠨ ᠲᠠᠯ᠎ᠠ ᠪᠠᠷ ᠢᠶᠠᠨ ᠬᠡᠯᠡᠯᠴᠡᠭᠡᠷ ᠲᠤᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/9/8
      ᠤᠯᠤᠰ ᠤᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠵᠦ᠂ ᠮᠠᠯᠵᠢᠬᠤ ᠣᠷᠣᠨ ᠤ ᠡᠵᠡᠩᠨᠡᠯᠲᠡ ᠶᠢᠨ ᠭᠤᠣᠯ ᠴᠣᠭᠴᠠ ᠳᠤ ᠣᠷᠣᠰᠢᠵᠤ ᠪᠠᠶᠢᠭ᠎ᠠ ᠪᠡᠯᠡ ᠮᠥᠩᠭᠦ ᠬᠦᠷᠦᠯᠴᠡᠬᠦ ᠦᠭᠡᠢ ᠪᠠ ᠪᠡᠯᠡ ᠲᠣᠬᠢᠷᠠᠭᠤᠯᠬᠤ ᠳᠤ ᠬᠦᠴᠢᠷᠲᠡᠢ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠦᠯᠦᠭᠡ᠂ 8 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠵᠡᠭᠦᠨ ᠦᠵᠦᠮᠦᠴᠢᠨ ᠬᠤᠰᠢᠭᠤᠨ ᠤ ᠰᠠᠯᠪᠤᠷᠢ ᠪᠠᠩᠬᠢ ᠠᠴᠠ ᠬᠤᠰᠢᠭᠤ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ᠶᠢᠨ ᠰᠢᠯᠢ ᠶᠢᠨ ᠭᠤᠣᠯ ᠠᠶᠢᠮᠠᠭ ᠤᠨ ᠬᠤᠪᠢᠶᠠᠷᠢ ᠺᠣᠮᠫᠠᠨᠢ ᠲᠠᠢ ᠭᠤᠷᠪᠠᠨ ᠲᠠᠯ᠎ᠠ ᠪᠠᠷ ᠢᠶᠠᠨ ᠬᠡᠯᠡᠯᠴᠡᠭᠡᠷ ᠲᠤᠭᠲᠠᠬᠤ ᠶᠣᠰᠣᠯᠠᠯ ᠶᠠᠪᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ  ᠃      ᠲᠤᠬᠠᠢ ᠶᠢᠨ ᠲᠠᠯᠠᠪᠤᠷ ᠲᠤ᠂ ᠭᠤᠷᠪᠠᠨ ᠲᠠᠯ᠎ᠠ ᠪᠠᠷ ᠢᠶᠠᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ︽ᠢᠲᠡᠭᠡᠮᠵᠢ ᠶᠢᠨ ᠲᠣᠰᠬᠤᠨ᠂ ᠢᠲᠡᠭᠡᠮᠵᠢ ᠶᠢᠨ ᠬᠡᠷᠡᠭᠯᠡᠭᠴᠢ︾ ᠪᠠᠷ ᠰᠠᠭᠤᠷᠢ ᠪᠣᠯᠭᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠠᠷᠠᠯᠲᠠ ᠪᠠᠷ ᠬᠡᠯᠡᠯᠴᠡᠭᠡᠷ ᠲᠣᠬᠢᠷᠠᠯᠴᠠᠵᠠᠢ᠃ ᠡᠨᠡ ᠤᠳᠠᠭ᠎ᠠ ᠭᠤᠷᠪᠠᠨ ᠲᠠᠯ᠎ᠠ ᠪᠠᠷ ᠢᠶᠠᠨ ᠤᠷᠤᠭᠰᠢᠲᠠᠢ ᠪᠠᠷ  ᠬᠡᠯᠡᠯᠴᠡᠭᠡᠷ ᠲᠤᠭᠲᠠᠭᠰᠠᠨ ᠨᠢ ᠵᠡᠭᠦᠨ ᠦᠵᠦᠮᠦᠴᠢᠨ ᠬᠤᠰᠢᠭᠤᠨ ᠤ ᠮᠠᠯᠴᠢᠨ᠂ ᠮᠠᠯᠵᠢᠯ ᠤᠨ ᠲᠣᠮᠣ ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠶ᠂ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠤᠨ ᠭᠡᠰᠢᠭᠦᠨ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠦᠳᠡᠭᠡ ᠲᠤᠰᠬᠤᠨ ᠮᠠᠯᠵᠢᠬᠤ  ᠣᠷᠣᠨ ᠤ ᠳᠠᠭᠠᠭᠠᠴᠢᠯᠠᠨ ᠡᠵᠡᠩᠨᠡᠬᠦ ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠠᠵᠤ ᠠᠬᠤᠶᠢᠯᠠᠯ ᠤᠨ ᠪᠡᠯᠡ ᠮᠥᠩᠭᠦᠨ ᠤ ᠬᠡᠷᠡᠭᠴᠡᠭᠡ ᠱᠠᠭᠠᠷᠳᠠᠯᠭ᠎ᠠ ︽ᠪᠡᠯᠡ ᠲᠣᠬᠢᠷᠠᠭᠤᠯᠬᠤ ᠳᠤ ᠬᠦᠴᠢᠷ︾᠂ ︽ᠳᠠᠭᠠᠭᠠᠯᠲᠠ ᠬᠢᠬᠦ ᠳᠤ ᠬᠦᠴᠢᠷ︾ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠮᠥᠨᠴᠦ ᠡᠯ᠎ᠡ ᠡᠷᠤᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠰᠢᠯᠢᠳᠡᠭᠵᠢᠭᠦᠯᠬᠦ ᠪᠠ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠲᠠᠯ᠎ᠠ ᠠᠴᠠ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠵᠢᠭᠡᠯᠡᠯᠭᠡ ᠶᠢᠨ ᠠᠵᠢᠯ ᠤᠨ ᠰᠢᠨ᠎ᠡ ᠶᠢ ᠡᠭᠦᠳᠬᠦ ᠪᠠ ᠪᠦᠲᠦᠮᠵᠢᠲᠡᠢ ᠬᠡᠷᠡᠭᠴᠡᠭᠡ ᠱᠠᠭᠠᠷᠳᠠᠯᠭ᠎ᠠ  ᠶᠢᠨ ᠣᠷᠣᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠶᠢᠨ ᠢᠯᠡᠷᠡᠯ ᠪᠣᠯᠣᠨ᠎ᠠ᠃      ᠲᠠᠷᠠᠭᠠᠴᠢ ᠶᠢᠨ ᠠᠯᠬᠤᠮ ᠳᠤ᠂ ᠭᠤᠷᠪᠠᠨ ᠲᠠᠯ᠎ᠠ ᠪᠠᠷ ᠢᠶᠠᠨ ᠭᠤᠣᠯᠳᠠᠭᠤ ᠮᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠪᠥᠬᠦ ᠲᠠᠯ᠎ᠠ ᠵᠨ ᠮᠥᠩᠭᠦᠨ ᠭᠦᠢᠯᠭᠡᠭᠡᠨ ᠤ ᠦᠢᠯᠡᠴᠢᠯᠡᠭᠡᠨ‌‍ᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠢ ᠥᠷᠨᠢᠭᠦᠯᠵᠦ᠂ ︽ᠬᠦᠳᠡᠭᠡ ᠠᠵᠤ ᠠᠬᠤᠢ᠂ ᠬᠦᠳᠡᠭᠡ ᠲᠤᠰᠬᠤᠨ᠂ ᠮᠠᠯᠴᠢᠨ ᠲᠠᠷᠢᠶᠠᠴᠢᠨ︾ ᠤ ᠬᠦᠷᠢᠶᠡᠨ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠬᠦ ᠳᠤ ᠬᠦᠴᠦᠨ ᠨᠡᠮᠡᠷᠢᠯᠡᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号