ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠯᠢᠶᠠᠰᠤᠲᠠᠢ ᠪᠠᠯᠭᠠᠰᠤ ᠶᠢᠨ ᠬᠠᠯᠠᠭᠠᠶᠢᠲᠤ ᠭᠠᠴᠠᠭᠠᠨ ᠳᠤ ᠬᠠᠮᠲᠤ ᠶᠢᠨ ᠠᠵᠤ ᠠᠬᠤᠢ ᠢ ᠬᠦᠭᠵᠢᠭᠦᠯᠦᠨ ᠠᠵᠦ ᠦᠢᠯᠡᠰ ᠢᠶᠠᠷ ᠬᠠᠪᠰᠣᠷᠣᠨ ᠳᠡᠮᠵᠢᠬᠦ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/9/8
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠴᠡᠷᠢᠭ ᠠᠩᠭᠢ ᠪᠠ ᠣᠷᠣᠨ ᠨᠤᠲᠤᠭ ᠤᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠵᠤ᠂ ᠴᠡᠷᠢᠭ ᠠᠷᠠᠳ ᠤᠨ ᠬᠤᠭᠤᠷᠣᠨᠳᠣᠬᠢ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ 8 ᠰᠠᠷ᠎ᠠ ᠶᠢᠨ 30 ᠤ ᠡᠳᠦᠷ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠯᠢᠶᠠᠰᠤᠲᠠᠢ ᠪᠠᠯᠭᠠᠰᠤ ᠶᠢᠨ ᠬᠠᠯᠠᠭᠠᠶᠢᠲᠤ  ᠭᠠᠴᠠᠭᠠᠨ ᠳᠤ ᠬᠠᠮᠲᠤ ᠶᠢᠨ ᠠᠵᠤ  ᠠᠬᠤᠢ ᠢ ᠬᠦᠭᠵᠢᠭᠦᠯᠦᠨ ᠠᠵᠦ ᠦᠢᠯᠡᠰ ᠢᠶᠠᠷ ᠬᠠᠪᠰᠣᠷᠣᠨ ᠳᠡᠮᠵᠢᠬᠦ ᠶᠣᠰᠣᠯᠠᠯ ᠶᠠᠪᠤᠭᠳᠠᠭᠤᠯᠵᠠᠢ᠃      ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠣᠯᠣᠰ ᠲᠦᠷᠦ ᠶᠢᠨ ᠭᠡᠰᠢᠭᠦᠨ ᠴᠧᠨ ᠽᠠᠢ ᠯᠢᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠵᠢᠶᠦ᠋ᠨ ᠪᠤᠯᠤᠨ ᠤᠯᠢᠶᠠᠰᠤᠲᠠᠢ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠠᠯᠠᠭᠠᠶᠢᠲᠤ ᠭᠠᠴᠠᠭ᠎ᠠ ᠶᠢᠨ ︽ᠬᠤᠶᠠᠷ ᠵᠥᠪᠯᠡᠯ︾ ᠤᠨ ᠭᠡᠰᠢᠭᠦᠨ ᠪᠠ ᠨᠠᠮ ᠤᠨ ᠭᠡᠰᠢᠭᠦᠨ᠂ ᠮᠠᠯᠴᠢᠳ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ᠃      ᠠᠵᠢᠯᠯᠠᠭᠠᠨ ᠳᠤ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠤᠯᠢᠶᠠᠰᠤᠲᠠᠢ ᠪᠠᠯᠭᠠᠰᠤᠨ ᠤ ᠬᠠᠯᠠᠭᠠᠶᠢᠲᠤ ᠭᠠᠴᠠᠭᠠᠨ ᠳᠤ 5 ᠲᠦᠮᠡᠨ ᠲᠥᠭᠦᠷᠢᠭ ᠤᠨ ᠥᠷᠲᠡᠭ ᠲᠠᠢ 41 ᠲᠤᠯᠤᠭᠠᠢ ᠦᠵᠦᠮᠦᠴᠢᠨ ᠡᠮ᠎ᠡ ᠬᠤᠨᠢ ᠬᠠᠨᠳᠢᠪᠯᠡᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠦᠭᠵᠢᠭᠦᠯᠬᠦ ᠳᠤ  ᠬᠡᠷᠡᠭᠯᠡᠬᠦ ᠶᠢ ᠬᠦᠰᠡᠭᠰᠡᠨ ᠪᠠᠶᠢᠨ᠎ᠠ᠃      ᠠᠵᠢᠯᠯᠠᠭᠠᠨ ᠳᠤ᠂ ᠬᠠᠯᠠᠭᠠᠶᠢᠲᠤ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠠᠯᠲᠠᠨᠪᠠᠭᠠᠨ᠎ᠠ ᠠᠴᠠ ᠭᠠᠴᠠᠭᠠᠨ ᠤ ᠪᠥᠬᠦ ᠮᠠᠯᠴᠢᠳ ᠢ ᠲᠥᠯᠥᠭᠡᠯᠡᠨ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠡᠮᠡᠷᠯᠢᠭ ᠲᠤᠭ ᠬᠦᠷᠭᠡᠵᠦ ᠲᠠᠯᠠᠷᠬᠠᠯ ᠤᠨ ᠰᠡᠳᠬᠢᠯ ᠢᠶᠠᠨ ᠢᠯᠡᠳᠬᠡᠬᠦ ᠶᠢᠨ ᠬᠠᠮᠲᠤ᠂ ᠬᠠᠯᠠᠭᠠᠶᠢᠲᠤ ᠭᠠᠴᠠᠭ᠎ᠠ ᠬᠠᠪᠰᠤᠷᠤᠨ ᠲᠡᠳᠬᠦᠬᠦ ᠠᠵᠠ ᠲᠣᠬᠢᠶᠠᠯ ᠢ ᠨᠠᠨᠳᠢᠩᠨᠠᠨ᠂ ᠭᠠᠴᠠᠭᠠᠨ ᠤ ᠪᠣᠳᠠᠲᠠᠢ ᠳᠤ ᠪᠠᠨ ᠰᠠᠭᠤᠷᠢᠯᠠᠨ᠂ ᠳᠤᠰᠠᠯᠠᠨ ᠳᠡᠮᠵᠢᠭᠰᠡᠨ ᠦᠵᠦᠮᠦᠴᠢᠨ ᠬᠤᠨᠢ ᠶᠢ ᠰᠠᠶᠢᠲᠤᠷ ᠦᠷᠡᠵᠢᠭᠦᠯᠦᠨ ᠰᠠᠶᠢᠲᠤᠷ ᠬᠠᠮᠢᠶᠠᠷᠴᠤ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠶᠢ ᠦᠢᠯᠡᠳᠪᠦᠷᠢᠯᠡᠯ ᠤᠨ ᠦᠷ᠎ᠡ ᠠᠰᠢᠭ ᠪᠣᠯᠭᠠᠨ ᠬᠤᠪᠢᠷᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠬᠤ ᠶᠢ ᠲᠦᠯᠬᠢᠨ ᠠᠬᠢᠭᠤᠯᠵᠤ᠂ ᠡᠭᠦᠨ ᠤ ᠤᠯᠠᠮ ᠢᠶᠠᠷ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠦᠨ᠎ᠡ ᠭᠡᠵᠡᠢ᠃      ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠨᠢ ᠮᠠᠯᠴᠢᠨ ᠲᠦᠮᠡᠨ  ᠳᠤ ᠬᠠᠮᠲᠤ ᠶᠢᠨ ᠠᠵᠤ ᠠᠬᠤᠢ ᠶᠢᠨ ᠠᠰᠢᠭ ᠲᠤᠰᠠ ᠶᠢ ᠦᠨᠡᠨᠬᠦ ᠡᠳ᠋ᠯᠡᠭᠦᠯᠬᠦ ᠪᠠᠷ ᠪᠠᠷᠠᠬᠤ ᠦᠭᠡᠢ᠂ ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠮᠠᠯᠴᠢᠨ ᠲᠦᠮᠡᠨ ᠤ ᠠᠵᠤ ᠦᠢᠯᠡᠰ ᠤᠨ ᠬᠥᠭᠵᠢᠯᠲᠡ ᠳᠤ ᠣᠷᠣᠯᠴᠠᠬᠤ ᠶᠠᠪᠤᠴᠠ ᠳᠤ ᠣᠷᠣᠯᠭ᠎ᠠ ᠪᠠᠨ ᠨᠡᠮᠡᠭᠳᠡᠭᠦᠯᠦᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号