8 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ | ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠦᠪᠯᠡᠯ ᠤᠨ ᠲᠠᠪᠤᠳᠤᠭᠠᠷ ᠣᠳᠠᠭᠠᠨ ᠤ | ᠬᠤᠷᠠᠯ ᠢ ᠡᠷᠬᠢᠯᠡᠨ ᠬᠤᠷᠠᠯᠳᠣᠭᠤᠯᠪᠠ᠃ | ᠬᠤᠷᠠᠯ ᠠᠴᠠ 2022 ᠣᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠭᠰᠠᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠲᠠᠪᠴᠢ ᠪᠠᠯᠭᠠᠰᠤ᠂ ᠬᠤᠰᠢᠭᠤ ᠲᠠᠷᠢᠶᠠᠯᠠᠩ ᠮᠠᠯ ᠠᠵᠦ | ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠠᠴᠠ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠠᠢ᠃ ᠬᠤᠷᠠᠯ ᠠᠴᠠ ᠪᠠᠰᠠ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠪᠥᠬᠦ ᠲᠠᠯ᠎ᠠ | ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠦᠪᠯᠡᠯ ᠤᠨ 2023 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ | ᠬᠢᠨᠠᠨ ᠵᠥᠪᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠠᠤᠯᠢ ᠪᠠᠷ ᠵᠠᠰᠠᠬᠤ ᠪᠠᠶᠢᠭᠤᠯᠤᠯᠲᠠ ᠪᠣᠯ ᠪᠥᠬᠦ ᠲᠠᠯ᠎ᠠ ᠪᠠᠷ ᠬᠠᠤᠯᠢ | ᠶᠣᠰᠣᠭᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠂ | ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠦᠨᠡᠨ ᠬᠦ ᠰᠡᠳᠬᠢᠯ | ᠳᠡᠭᠡᠨ ᠬᠠᠳᠠᠩᠰᠢᠭᠤᠯᠵᠤ᠂ ᠦᠶᠯᠡ ᠠᠵᠢᠯᠯᠠᠭ᠎ᠠ ᠳᠠᠭᠠᠨ ᠬᠠᠳᠠᠩᠰᠢᠭᠤᠯᠵᠤ᠂ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠬᠡᠷᠡᠭᠯᠡᠨ ᠦᠢᠯᠡᠳᠦᠯᠭᠡ ᠪᠠᠨ ᠵᠢᠯᠣᠭᠤᠳᠤᠭᠤᠯᠵᠤ ᠠᠵᠢᠯ ᠢᠶᠠᠨ | ᠲᠦᠯᠬᠢᠨ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠬᠤ ᠳᠠᠭᠠᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ | ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠶᠢᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠳᠤ ᠪᠦᠬᠦ ᠲᠠᠯ᠎ᠠ ᠪᠠᠷ ᠣᠷᠣᠯᠴᠠᠬᠤ ᠶᠢ ᠠᠬᠢᠭᠤᠯᠵᠤ᠂ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢ ᠵᠣᠬᠢᠰᠲᠠᠢ ᠪᠠᠶᠢᠬᠤ ᠶᠢ ᠪᠠᠲᠤᠯᠠᠬᠤ | ᠬᠡᠷᠡᠭᠲᠡᠢ᠃ ᠬᠠᠤᠯᠢ ᠪᠠᠷᠢᠬᠤ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠢ ᠴᠢᠩᠭ᠎ᠠ | ᠬᠡᠷᠡᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠯᠠᠪᠳᠠᠭᠤᠨ ᠪᠠᠲᠤᠲᠠᠢ | ᠥᠷᠨᠢᠭᠦᠯᠵᠦ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ︽ᠡᠷᠭᠢᠨ ᠬᠠᠷᠠᠬᠤ︾ ᠲᠤᠰᠬᠠᠢ ᠠᠵᠢᠯᠯᠠᠭ᠎ᠠ ᠶᠢ | ᠭᠦᠨᠵᠡᠭᠡᠢ ᠠᠬᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠰᠡᠷᠭᠡᠶᠢᠯᠡᠯᠲᠡ ᠶᠢᠨ ᠱᠤᠭᠤᠮ ᠢ | ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠤ ︽ᠨᠠᠢᠮᠠᠳᠤᠭᠠᠷ ᠲᠠᠪᠤᠨ ᠵᠢᠯ ︾ | ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ | ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢ᠎ᠪᠠᠷ | ᠵᠠᠰᠠᠬᠤ ᠵᠡᠭᠦᠨ ᠦᠵᠦᠮᠦᠴᠢᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠬᠠᠤᠯᠢ ᠪᠠᠷ ᠵᠠᠰᠠᠬᠤ ᠨᠡᠶᠢᠭᠡᠮ ᠢ | ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠡᠭᠦᠷᠭᠡ | ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠨᠠᠷᠢᠨ | ᠬᠢᠨᠠᠮᠠᠭᠠᠢ ᠭᠦᠢᠴᠡᠳᠬᠡᠵᠦ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ ᠡᠭᠦᠷᠭᠡ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ | ᠭᠡᠵᠡᠢ᠃ | ᠬᠤᠰᠢᠭᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠦᠪᠯᠡᠯ ᠤᠨ | ᠭᠡᠰᠢᠭᠦᠨ ᠵᠢᠴᠢ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠳ | ᠬᠤᠷᠠᠯ ᠳᠤ ᠣᠷᠣᠯᠴᠠᠵᠠᠢ᠃ |