ᠰᠠᠮᠠᠢ ᠰᠤᠮᠤ ᠨᠢ ᠠᠵᠤ ᠠᠬᠤᠶ ᠶᠢᠨ ᠨᠡᠶᠢᠳᠡᠮ ᠪᠠᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/9/8
      ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂  ᠰᠠᠮᠠᠢ ᠰᠤᠮᠤ ᠬᠠᠷᠢᠶᠠᠲᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠪᠡ  ᠃      ᠲᠣᠰ ᠤᠳᠠᠭᠠᠨ ᠤ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠳᠤᠮᠳᠠ᠂ ᠬᠤᠰᠢᠭᠤ ᠲᠤᠭ᠎ᠠ ᠪᠦᠷᠢᠳᠬᠡᠯ ᠤᠨ ᠲᠣᠪᠴᠢᠶᠠᠨ ᠤ ᠠᠵᠢᠯᠲᠠᠨ ᠮᠠᠨ ᠤ ᠰᠤᠮᠤ ᠲᠠᠢ ᠬᠠᠮᠲᠤᠷᠠᠨ ᠬᠤᠷᠴᠠ ᠴᠢᠳᠠᠮᠠᠭᠠᠶ ᠬᠦᠴᠦᠨ  ᠢ ᠵᠣᠬᠢᠶᠠᠨ ᠪᠠᠶᠢᠭᠤᠯᠵᠤ᠂ ᠦᠵᠦᠭᠦᠷᠬᠤᠳᠳᠤᠭ ᠨᠡᠶᠢᠭᠡᠮ ᠲᠣᠭᠤᠷᠢᠭ ᠵᠢᠴᠢ  ᠪᠠᠶᠠᠨᠬᠦ᠋ᠭᠡᠪᠦᠷ ᠭᠠᠴᠠᠭᠠᠨ ᠤ ᠳᠣᠲᠣᠷᠠᠬᠢ ᠬᠠᠤᠯᠢ ᠶᠢᠨ ᠡᠷᠬᠡᠲᠡᠨ ᠤ ᠨᠢᠭᠡᠴᠡ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠳᠤ ᠪᠠᠶᠢᠴᠠᠭᠠᠯᠲᠠ ᠬᠢᠵᠦ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠳᠤᠷᠠᠳᠤᠭᠰᠠᠨ ᠠᠰᠠᠭᠤᠳᠠᠯ ᠢ ᠬᠦᠯᠢᠴᠡᠩᠭᠦᠶ  ᠪᠠᠷ ᠲᠠᠶᠢᠯᠪᠤᠷᠢᠯᠠᠵᠤ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠫᠠᠶᠢᠰᠠ ᠢᠯᠡᠷᠬᠡᠶᠢᠯᠡᠯ ᠤᠨ ᠨᠡᠷᠡᠶᠢᠳᠦᠯ᠂ ᠡᠵᠡᠩᠨᠡᠯᠲᠡ ᠶᠢᠨ ᠦᠨᠡᠮᠯᠡᠯ ᠤᠨ ᠨᠡᠷᠡᠶᠢᠳᠦᠯ᠂ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ᠂ ᠠᠵᠢᠯᠯᠠᠵᠤ ᠪᠠᠶᠢᠭ᠎ᠠ ᠬᠥᠮᠦᠰ ᠤᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠥᠬᠦᠶ ᠲᠠᠯ᠎ᠠ ᠳᠤ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ ᠳᠡᠩᠰᠡᠯᠡᠨ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠨᠢᠭᠡᠪᠦᠷᠢ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ ᠦᠨᠡᠨ ᠬᠦ ᠪᠠᠲᠤᠯᠠᠪᠠ  ᠃      ᠮᠠᠨ ᠤ ᠰᠤᠮᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠴᠢ ᠬᠤᠯᠪᠣᠭᠳᠠᠯ ᠵᠢᠴᠢ ᠴᠢᠬᠤᠯᠠ ᠴᠢᠨᠠᠷ ᠢ ᠭᠦᠨᠵᠡᠭᠡᠢ ᠲᠠᠨᠢᠨ ᠣᠶᠢᠯᠠᠭᠠᠵᠤ᠂ ︽ᠲᠠᠪᠤᠳᠤᠭᠠᠷ ᠤᠳᠠᠭᠠᠨ ᠤ ᠪᠦᠬᠦ ᠤᠯᠤᠰ ᠠᠴᠠ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠦᠷᠭᠦᠯᠵᠢᠯᠡᠨ ᠭᠦᠨᠵᠡᠭᠡᠢ ᠲᠦᠯᠬᠢᠨ ᠠᠬᠢᠭᠤᠯᠬᠤ ᠶᠢᠨ ᠬᠠᠮᠲᠤ᠂ ᠲᠠᠪᠤᠳᠤᠭᠠᠷ ᠤᠳᠠᠭᠠᠨ ᠤ ᠪᠦᠬᠦ ᠤᠯᠤᠰ ᠠᠴᠠ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠵᠠᠭᠤᠨ ᠤ ᠵᠠᠭᠤ ᠪᠠᠷ ᠪᠡᠶᠡᠯᠡᠭᠦᠯᠬᠦ ᠶᠢ ᠪᠠᠲᠤᠯᠠᠨ᠎ᠠ  ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号