ᠰᠠᠮᠠᠢ ᠰᠣᠮᠣᠨ ᠤ ᠪᠠᠶᠢᠭᠠᠯᠯᠢᠭ ᠬᠠᠳᠤᠯᠠᠩ ᠤᠨ ᠲᠠᠯᠠᠪᠠᠶ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ᠪᠠᠶᠢᠭᠠᠯᠯᠢᠭ ᠬᠠᠳᠤᠯᠠᠩ ᠤᠨ ᠲᠠᠯᠠᠪᠠᠶ ᠶᠢ ᠡᠭᠦᠷᠢᠳᠡ ᠦᠷᠭᠦᠯᠵᠢᠯᠡᠨ ᠠᠰᠢᠭᠯᠠᠬᠤ ᠶᠢ | ᠦᠨᠡᠨ ᠬᠦ ᠪᠠᠲᠤᠯᠠᠬᠤ ᠶᠢᠨ ᠲᠥᠯᠥᠭᠡ᠂ 8 ᠰᠠᠷ᠎ᠠ ᠶᠢᠨ ᠡᠬᠢᠨ ᠠᠴᠠ ᠨᠠᠰᠢ᠂ ᠰᠠᠮᠠᠢ ᠰᠣᠮᠣᠨ ᠤ ᠨᠠᠮ ᠤᠨ ᠬᠤᠷᠢᠶ᠎ᠠ | ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠨᠠᠮᠤᠷ ᠤᠨ ᠤᠯᠠᠷᠢᠯ ᠤᠨ ᠡᠪᠡᠰᠦ ᠬᠠᠳᠤᠵᠤ ᠨᠥᠭᠡᠴᠡᠯᠡᠬᠦ ᠠᠵᠢᠯ ᠤᠨ ᠤᠷᠤᠭᠰᠢᠲᠠᠶ | ᠶᠠᠪᠤᠭᠳᠠᠬᠤ ᠶᠢ ᠳᠥᠯᠭᠢᠨ ᠠᠬᠢᠭᠤᠯᠪᠠ᠃ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠵᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠪᠠ᠃ ᠪᠥᠬᠦ ᠬᠤᠰᠢᠭᠤᠨ ᠤ ᠪᠠᠶᠢᠭᠠᠯᠯᠢᠭ ᠬᠠᠳᠤᠯᠠᠩ ᠤᠨ | ᠲᠠᠯᠠᠪᠠᠶ ᠶᠢᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠮᠠᠨ ᠤ ᠰᠤᠮᠤᠨ ᠳᠤ ᠬᠤᠷᠠᠯᠳᠤᠵᠤ᠂ ︽ᠵᠡᠭᠦᠨ | ᠦᠵᠦᠮᠦᠴᠢᠨ ᠬᠤᠰᠢᠭᠤᠨ ᠤ ᠪᠠᠶᠢᠭᠠᠯᠯᠢᠭ ᠬᠠᠳᠤᠯᠠᠩ ᠤᠨ ᠲᠠᠯᠠᠪᠠᠶ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ᠶᠢᠨ ᠬᠠᠮᠢᠶ᠎ᠠ ᠪᠥᠬᠦᠶ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠡᠪᠡᠰᠦ ᠬᠠᠳᠠᠭᠠᠯᠠᠬᠤ | ᠱᠠᠭᠠᠷᠳᠠᠯᠭ᠎ᠠ ᠪᠠ ᠬᠠᠮᠢᠶ᠎ᠠ ᠪᠥᠬᠦᠶ ᠲᠦᠷᠢᠮ ᠢ ᠨᠠᠷᠢᠨ ᠲᠠᠶᠢᠯᠪᠤᠷᠢᠯᠠᠵᠤ᠂ ︽ᠭᠤᠷᠪᠠᠨ ᠬᠦᠴᠦᠨ ᠢ ᠨᠢᠭᠡᠳᠬᠡᠬᠦ︾ | ᠣᠶᠤᠨᠴᠢ ᠰᠦᠯᠵᠢᠶᠡᠨ ᠤ ᠠᠵᠢᠯᠯᠠᠬᠤ ᠳᠤᠭᠤᠶᠢᠯᠠᠩ ᠳᠤ ᠲᠦᠰᠢᠭᠯᠡᠨ ᠲᠤᠰᠬᠠᠶ ᠠᠵᠢᠯ ᠤᠨ ᠤᠳᠤᠷᠢᠳᠬᠤ | ᠳᠤᠭᠤᠶᠢᠯᠠᠩ ᠪᠠ ᠳᠡᠩᠰᠡᠯᠡᠨ ᠲᠡᠮᠳᠡᠭᠯᠡᠬᠦ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠬᠤᠶᠠᠷ | ᠠᠵᠢᠯ ᠤᠨ ᠳᠤᠭᠤᠶᠢᠯᠠᠩ ᠪᠠᠶᠢᠭᠤᠯᠵᠤ᠂ ᠡᠯ᠎ᠡ ᠲᠤᠰᠬᠠᠶ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠪᠠ᠃ | ᠪᠦᠬᠦ ᠲᠠᠯ᠎ᠠ ᠪᠠᠷ᠂ ᠨᠡᠶᠢᠳᠡᠮ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠦᠷᠨᠢᠭᠦᠯᠪᠡ᠃ ᠰᠠᠮᠠᠢ | ᠰᠤᠮᠤ ᠡᠪᠡᠰᠦ ᠬᠠᠳᠤᠵᠤ ᠬᠠᠳᠠᠭᠠᠯᠠᠬᠤ ᠡᠮᠦᠨᠡᠬᠢ ᠬᠤᠭᠤᠴᠠᠭᠠᠨ ᠤ ᠤᠬᠠᠭᠤᠯᠭ᠎ᠠ ᠶᠢᠨ ᠠᠵᠢᠯ ᠢ ᠢᠳᠡᠪᠬᠢᠲᠡᠢ | ᠥᠷᠨᠢᠭᠦᠯᠪᠡ᠃ ᠨᠢᠭᠡ ᠳᠤ᠂ ᠰᠣᠮᠣᠨ ᠤ ᠸᠢᠴᠠᠲ ᠲᠠᠪᠴᠠᠩ᠂ ᠭᠠᠴᠠᠭᠠᠨ ᠤ ᠸᠢᠴᠠᠲ ᠬᠤᠯᠪᠤᠭ᠎ᠠ᠂ ᠬᠤᠷᠠᠯ | ᠬᠤᠷᠠᠯᠳᠤᠭᠤᠯᠬᠤ ᠵᠡᠷᠭᠡ ᠬᠡᠯᠪᠡᠷᠢ ᠪᠠᠷ ᠠᠯᠪᠠᠨ ᠵᠠᠷ ᠨᠡᠶᠢᠲᠡᠯᠡᠵᠦ᠂ ᠮᠠᠯᠴᠢᠳ ᠢ ᠬᠥᠲᠥᠯᠦᠨ ᠵᠢᠯᠣᠭᠤᠳᠴᠤ ᠪᠠᠶᠢᠭᠠᠳ | ᠡᠪᠡᠰᠦ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ ᠶᠢ ᠭᠦᠨᠵᠡᠭᠡᠶ ᠣᠶᠢᠯᠠᠭᠠᠭᠤᠯᠬᠤ ᠶᠢᠨ ᠬᠠᠮᠲᠤ ᠱᠠᠭᠠᠷᠳᠠᠯᠭ᠎ᠠ | ᠶᠣᠰᠣᠭᠠᠷ ᠡᠪᠡᠰᠦ ᠬᠠᠳᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ︔ ᠬᠤᠶᠠᠷ ᠲᠤ᠂ ᠡᠷᠦᠬᠡ ᠳᠤ ᠣᠷᠣᠵᠤ | ᠤᠬᠠᠭᠤᠯᠬᠤ ᠠᠷᠭ᠎ᠠ ᠮᠠᠶ᠋ᠢᠭ ᠢᠶᠠᠷ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ ᠮᠠᠯᠴᠢᠳ ᠲᠤ ᠡᠪᠡᠰᠦ ᠬᠠᠳᠤᠬᠤ | ᠦᠶ᠎ᠡ ᠳᠤ ᠰᠡᠯᠬᠦᠨ ᠬᠠᠳᠤᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠡᠭᠡᠷ᠎ᠡ ᠭᠠᠳᠠᠨ᠎ᠠ ᠭᠠᠯ | ᠬᠡᠷᠡᠭᠯᠡᠬᠦ ᠠᠮᠤᠷ ᠲᠦᠪᠰᠢᠨ ᠢ ᠠᠩᠬᠠᠷᠴᠤ᠂ ᠭᠠᠯ ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠵᠦ᠂ ᠮᠠᠨ ᠤ | ᠰᠤᠮᠤ ᠶᠢᠨ ᠡᠨᠡ ᠵᠢᠯ ᠤᠨ ᠡᠪᠡᠰᠦ ᠬᠠᠳᠤᠬᠤ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠪᠠ᠃ | ᠴᠣᠩᠬᠤ ᠭᠠᠷᠭᠠᠵᠤ᠂ ᠥᠨᠳᠥᠷ ᠦᠷ᠎ᠡ ᠪᠦᠲᠦᠮᠵᠢ ᠲᠠᠢ ᠪᠠᠷ ᠪᠦᠷᠢᠳᠬᠡᠨ ᠳᠠᠩᠰᠠᠯᠠᠬᠤ ᠠᠵᠢᠯ ᠢ ᠰᠠᠶᠢᠲᠤᠷ | ᠬᠢᠪᠡ᠃ 8 ᠰᠠᠷ᠎ᠠ ᠶᠢᠨ 3 ᠤ ᠡᠳᠦᠷ ᠠᠴᠠ ᠡᠬᠢᠯᠡᠨ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ | ᠲᠥᠪ ᠲᠤ ᠲᠣᠭᠲᠠᠮᠠᠯ ᠴᠣᠩᠬᠤ ᠭᠠᠷᠭᠠᠵᠤ᠂ ᠡᠪᠡᠰᠦ ᠬᠠᠳᠤᠵᠤ ᠨᠥᠭᠡᠴᠡᠯᠡᠬᠦ ᠠᠵᠢᠯ ᠢ ᠲᠥᠪᠯᠡᠷᠡᠭᠦᠯᠦᠨ | ᠥᠷᠨᠢᠭᠦᠯᠵᠦ᠂ ᠮᠠᠯᠵᠢᠬᠤ ᠡᠷᠦᠬᠡ ᠶᠢᠨ ᠪᠠᠶᠢᠭᠠᠯᠯᠢᠭ ᠡᠪᠡᠰᠦ ᠬᠠᠳᠤᠬᠤ ᠲᠠᠯᠠᠪᠠᠶ ᠶᠢᠨ ᠲᠠᠯᠠᠪᠠᠶ᠂ ᠡᠷᠬᠡ ᠶᠢᠨ | ᠬᠠᠷᠢᠶᠠᠯᠠᠯ᠂ ᠡᠷᠭᠢᠯᠲᠡ ᠵᠡᠷᠭᠡ ᠪᠠᠶᠢᠳᠠᠯ ᠢ ᠤᠯᠠᠮ ᠨᠢᠭᠡ ᠠᠯᠬᠤᠮ ᠬᠠᠷᠭᠤᠭᠤᠯᠤᠭᠰᠠᠨ ᠤ ᠳᠠᠷᠠᠭ᠎ᠠ ᠪᠦᠷᠢᠳᠬᠡᠵᠦ᠂ | ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠬᠥᠮᠥᠨ ᠤ ᠣᠪᠣᠭ ᠨᠡᠷ᠎ᠡ᠂ ᠬᠠᠳᠤᠬᠤ ᠴᠠᠭ᠂ ᠬᠠᠳᠤᠬᠤ ᠠᠷᠭ᠎ᠠ | ᠮᠠᠶ᠋ᠢᠭ᠂ ᠲᠠᠯᠠᠪᠠᠶ᠂ ᠡᠪᠡᠰᠦᠨ ᠤ ᠬᠡᠮᠵᠢᠶ᠎ᠡ᠂ ᠬᠡᠷᠡᠭᠴᠡᠭᠡ ᠵᠡᠷᠭᠡ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠪᠡ᠃ 8 | ᠰᠠᠷ᠎ᠠ ᠶᠢᠨ 7 ᠤ ᠡᠳᠦᠷ ᠠᠴᠠ ᠡᠬᠢᠯᠡᠨ ᠰᠠᠮᠠᠢ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠨᠢ ᠰᠤᠮᠤᠨ ᠤ ᠬᠠᠷᠢᠶ᠎ᠠ ᠣᠷᠣᠨ ᠳᠠᠭᠠᠨ ᠪᠦᠷᠢᠳᠬᠡᠨ ᠳᠠᠩᠰᠠᠯᠠᠭᠤᠯᠬᠤ ᠵᠢᠴᠢ ᠡᠪᠡᠰᠦ | ᠬᠠᠳᠤᠬᠤ ᠵᠥᠪᠰᠢᠶᠡᠷᠡᠯ ᠤᠨ ᠦᠨᠡᠮᠯᠡᠯ ᠠᠪᠴᠤ ᠪᠠᠶᠢᠭ᠎ᠠ ᠡᠪᠡᠰᠦ ᠬᠠᠳᠤᠬᠤ ᠠᠵᠢᠯ ᠳᠤ ᠲᠤᠬᠠᠶ ᠶᠢᠨ ᠭᠠᠵᠠᠷ ᠤᠨ | ᠬᠢᠨᠠᠨ ᠪᠠᠶᠢᠴᠠᠭᠠᠯᠲᠠ ᠬᠢᠪᠡ᠃ | ᠪᠠᠶᠢᠩᠭᠤᠵᠢᠭᠤᠯᠤᠨ ᠲᠣᠭᠤᠷᠢᠨ ᠪᠠᠶᠢᠴᠠᠭᠠᠯᠲᠠ ᠬᠢᠪᠡ᠃ 8 ᠰᠠᠷ᠎ᠠ ᠶᠢᠨ 20 ᠤ ᠡᠳᠦᠷ ᠠᠴᠠ ᠡᠬᠢᠯᠡᠨ᠂ | ᠬᠠᠳᠤᠯᠠᠩ ᠢ ᠲᠣᠭᠤᠷᠢᠨ ᠪᠠᠶᠢᠴᠠᠭᠠᠵᠤ᠂ ᠡᠪᠡᠰᠦ ᠬᠠᠳᠤᠬᠤ ᠠᠵᠢᠯᠲᠠᠳ ᠤᠨ ︽ᠡᠪᠡᠰᠦ ᠬᠠᠳᠤᠬᠤ ᠠᠵᠢᠯ ᠤᠨ | ᠦᠨᠡᠮᠯᠡᠯ︾ ᠪᠠ ︽ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠨᠢ ᠪᠦᠷᠢᠨ ᠭᠦᠢᠴᠡᠳ ᠪᠠᠶᠢᠬᠤ | ᠡᠰᠡᠬᠦ᠂ ᠬᠠᠳᠤᠯᠠᠩ ᠤᠨ ᠣᠷᠣᠨ ᠪᠠᠶᠢᠷᠢ᠂ ᠡᠪᠡᠰᠦ ᠬᠠᠳᠤᠬᠤ ᠲᠠᠯᠠᠪᠠᠢ᠂ ᠭᠤᠤᠷᠰᠤ ᠦᠯᠡᠳᠡᠭᠡᠬᠦ ᠦᠨᠳᠦᠷ᠂ | ᠡᠪᠡᠰᠦᠨ ᠦᠷ᠎ᠡ ᠶᠢᠨ ᠪᠦᠰᠡ ᠶᠢᠨ ᠥᠷᠭᠡᠴᠡ ᠵᠢᠴᠢ ᠡᠪᠡᠰᠦ ᠬᠠᠳᠤᠵᠤ ᠡᠬᠢᠯᠡᠬᠦ ᠴᠠᠭ ᠢ ᠤᠷᠢᠳᠴᠢᠯᠠᠨ ᠦᠯᠡᠳᠡᠭᠡᠬᠦ | ᠵᠡᠷᠭᠡ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠡᠪᠡᠰᠦ ᠬᠠᠳᠤᠬᠤ ᠠᠵᠢᠯ ᠢ ᠥᠷᠨᠢᠭᠦᠯᠵᠦ᠂ ᠭᠠᠯ ᠰᠡᠷᠭᠡᠶᠢᠯᠡᠬᠦ | ᠲᠥᠬᠦᠭᠡᠷᠦᠮᠵᠢ ᠲᠣᠬᠢᠷᠠᠭᠤᠯᠤᠭᠰᠠᠨ ᠡᠰᠡᠬᠦ᠂ ᠬᠡᠭᠡᠷ᠎ᠡ ᠶᠢᠨ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭ᠎ᠠ | ᠵᠢᠷᠤᠮᠯᠠᠨ ᠡᠪᠡᠰᠦ ᠬᠠᠳᠤᠬᠤ ᠠᠵᠢᠯ ᠢ ᠨᠠᠷᠢᠨ ᠪᠠᠶᠢᠴᠠᠭᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠨᠢ ᠬᠠᠳᠤᠯᠠᠩ ᠢ ᠲᠣᠭᠤᠷᠢᠨ ᠪᠠᠶᠢᠴᠠᠭᠠᠬᠤ ᠡᠷᠴᠢᠮ ᠢᠶᠠᠨ | ᠤᠯᠠᠮ ᠴᠢᠩᠭᠠᠷᠠᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠳᠤ ᠭᠠᠯ ᠤᠨ ᠭᠠᠮᠰᠢᠭ ᠤᠨ ᠳᠠᠯᠳᠠ ᠬᠡᠮ ᠢ | ᠪᠠᠶᠢᠩᠭᠤ ᠶᠢᠨ ᠴᠢᠨᠠᠷᠲᠠᠶ ᠪᠠᠷ ᠲᠣᠭᠤᠷᠢᠨ ᠪᠠᠶᠢᠴᠠᠭᠠᠵᠤ᠂ ᠪᠠᠶᠢᠴᠠᠭᠠᠵᠤ ᠬᠠᠮᠢᠶᠠᠷᠤᠨ ᠡᠵᠡᠮᠳᠡᠵᠦ᠂ ᠬᠠᠳᠤᠯᠠᠩ ᠤᠨ | ᠠᠵᠢᠯ ᠢ ᠬᠠᠳᠤᠵᠤ ᠬᠤᠷᠢᠶᠠᠬᠤ ᠲᠦᠷᠢᠮ ᠢ ᠴᠢᠩᠭ᠎ᠠ ᠵᠢᠷᠤᠮᠯᠠᠨ ᠶᠠᠪᠤᠭᠳᠠᠭᠤᠯᠬᠤ ᠶᠢ ᠦᠨᠡᠨ ᠬᠦ ᠪᠠᠲᠤᠯᠠᠵᠤ᠂ | ᠲᠣᠭᠲᠠᠭᠠᠯ ᠠᠴᠠ ᠵᠥᠷᠢᠴᠡᠨ ᠡᠪᠡᠰᠦ ᠬᠠᠳᠤᠬᠤ ᠠᠵᠢᠯ ᠤᠨ ᠦᠢᠯᠡ ᠠᠵᠢᠯᠯᠠᠭ᠎ᠠ ᠶᠢ ᠬᠠᠤᠯᠢ ᠴᠠᠭᠠᠵᠠ ᠶᠢᠨ | ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠪᠠᠶᠢᠭᠠᠯᠯᠢᠭ ᠬᠠᠳᠣᠯᠠᠩ ᠤᠨ ᠲᠠᠯᠠᠪᠠᠢ ᠶᠢ | ᠬᠠᠮᠠᠭᠠᠯᠠᠨ ᠠᠰᠢᠭᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠶᠢ | ᠥᠷᠭᠡᠨ ᠢᠶᠠᠷ ᠤᠬᠠᠭᠤᠯᠵᠤ᠂ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠤᠢ ᠪᠣᠯᠭᠠᠵᠤ᠂ ᠬᠠᠤᠯᠢ | ᠲᠣᠭᠲᠠᠭᠠᠯ ᠶᠣᠰᠣᠭᠠᠷ ᠡᠪᠡᠰᠦ ᠬᠠᠳᠤᠬᠤ ᠠᠵᠢᠯ ᠥᠷᠨᠢᠭᠦᠯᠬᠦ ᠶᠢ ᠦᠨᠡᠨᠬᠦ ᠪᠠᠲᠤᠯᠠᠨ᠎ᠠ᠃ ᠤᠬᠠᠭᠤᠯᠭ᠎ᠠ ᠶᠢ | ᠦᠷᠭᠦᠯᠵᠢᠯᠡᠨ ᠴᠢᠩᠭᠠᠳᠬᠠᠵᠤ᠂ ᠸᠢᠴᠠᠲ ᠲᠠᠪᠴᠠᠩ ᠢ ᠠᠰᠢᠭᠯᠠᠨ ᠡᠪᠡᠰᠦ ᠬᠠᠳᠤᠵᠤ ᠬᠠᠳᠠᠭᠠᠯᠠᠬᠤ ᠬᠠᠮᠢᠶ᠎ᠠ ᠪᠥᠬᠦᠶ | ᠠᠯᠪᠠᠨ ᠵᠠᠷ ᠢ ᠳᠠᠮᠵᠢᠭᠤᠯᠤᠨ ᠲᠠᠷᠬᠠᠭᠠᠵᠤ᠂ ᠡᠪᠡᠰᠦ ᠬᠠᠳᠤᠬᠤ ᠬᠥᠮᠦᠰ ᠵᠢᠴᠢ ᠮᠠᠯᠵᠢᠬᠤ ᠡᠷᠦᠬᠡ ᠳᠤ ᠨᠤᠲᠤᠭ | ᠪᠡᠯᠴᠢᠭᠡᠷ ᠢ ᠬᠠᠮᠠᠭᠠᠯᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠠᠯᠪᠠᠨ ᠵᠠᠷ᠂ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠵᠡᠷᠭᠡ ᠶᠢ ᠤᠶᠢᠯᠠᠭᠠᠭᠤᠯᠤᠨ᠎ᠠ᠃ |