ᠦᠵᠦᠮᠦᠴᠢᠨ ᠬᠤᠨᠢᠨ ᠤ ᠦᠷ᠎ᠡ ᠶᠢᠨ ᠮᠠᠯ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ ᠵᠢᠷᠤᠮᠵᠢᠭᠤᠯᠵᠦ᠂ ᠴᠢᠨᠠᠷ ᠴᠢᠨᠰᠠᠭ᠎ᠠ ᠪᠠ ᠡᠭᠦᠯᠳᠡᠷ ᠤᠭᠰᠠᠭ᠎ᠠ ᠶᠢ ᠴᠡᠪᠡᠷᠰᠢᠭᠦᠯᠦᠨ ᠰᠠᠶᠢᠵᠢᠷᠠᠭᠤᠯᠬᠤ | ᠠᠬᠢᠴᠠ ᠶᠢ ᠲᠦᠷᠭᠡᠳᠬᠡᠨ᠂ ᠦᠵᠦᠮᠦᠴᠢᠨ ᠬᠤᠨᠢᠨ ᠤ ᠪᠦᠬᠦᠯᠢ ᠴᠤᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠮᠠᠯ ᠠᠵᠦ ᠠᠬᠤᠢ ᠶᠢᠨ ᠴᠢᠨᠠᠷᠯᠢᠭ ᠭᠦᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠵᠢᠴᠢ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠶᠡᠭᠡ ᠲᠠᠯ᠎ᠠ ᠳᠤ ᠦᠢᠯᠡᠴᠢᠯᠡᠬᠦ ᠶᠢᠨ ᠳᠤᠰᠠᠲᠠ ᠠᠯᠳᠠᠨᠬᠢᠯᠢ ᠰᠤᠮᠤ ᠨᠢ ︽ᠵᠡᠭᠦᠨ | ᠦᠵᠦᠮᠦᠴᠢᠨ ᠬᠤᠰᠢᠭᠤᠨ ᠤ 2023 ᠤᠨ ᠤ ᠦᠵᠦᠮᠦᠴᠢᠨ ᠬᠤᠨᠢᠨ ᠤ ᠡᠭᠦᠯᠳᠡᠷ ᠬᠠᠩᠭᠠᠬᠤ ᠴᠢᠳᠠᠪᠤᠷᠢ ᠶᠢ | ᠳᠡᠭᠡᠭᠰᠢᠯᠡᠭᠦᠯᠬᠦ ᠠᠵᠢᠯ ᠤᠨ ᠬᠡᠷᠡᠭᠵᠢᠭᠦᠯᠬᠦ ᠳᠦᠰᠦᠪ︾ ᠤᠨ ᠵᠤᠷᠢᠭ ᠰᠠᠨᠠᠭ᠎ᠠ ᠶᠤᠰᠤᠭᠠᠷ ᠤᠯᠠᠨ ᠲᠠᠯ᠎ᠠ ᠶᠢᠨ ᠠᠷᠭ᠎ᠠ | ᠬᠡᠮᠵᠢᠶ᠎ᠡ ᠶᠢ ᠠᠪᠴᠤ᠂ ᠦᠵᠦᠮᠦᠴᠢᠨ ᠬᠤᠨᠢᠨ ᠤ ᠤᠨ ᠤ ᠬᠢᠨᠠᠨ ᠳᠤᠭᠲᠠᠭᠠᠯᠲᠠ ᠬᠢᠬᠦ ᠠᠵᠢᠯ ᠢ ᠵᠤᠬᠢᠶᠠᠨ | ᠪᠠᠶᠢᠭᠤᠯᠤᠯᠲᠠ ᠲᠠᠢ᠂ ᠡᠮᠬᠢ ᠴᠡᠭᠴᠡ ᠲᠠᠢ᠂ ᠦᠷ᠎ᠡ ᠪᠦᠲᠦᠮᠵᠢ ᠲᠠᠢ ᠪᠠᠷ ᠲᠦᠯᠬᠢᠨ ᠠᠬᠢᠭᠤᠯᠪᠠ᠃ | ᠨᠢᠭᠡ᠂ ᠬᠠᠷᠠᠯᠲᠠ ᠡᠭᠦᠷᠬᠡ ᠪᠠᠨ ᠳᠤᠳᠤᠷᠬᠠᠶᠢᠯᠠᠵᠤ᠂ ᠵᠤᠬᠢᠶᠠᠨ ᠪᠠᠶᠢᠭᠤᠯᠤᠨ ᠤᠳᠤᠷᠢᠳᠬᠤ ᠪᠠᠨ | ᠴᠢᠩᠭᠠᠳᠬᠠᠪᠠ︔ 2023 ᠤᠨ ᠤ ᠬᠢᠨᠠᠨ ᠳᠤᠭᠲᠠᠭᠠᠯᠲᠠ ᠪᠠᠷ ᠬᠢᠷᠢ ᠳᠡᠩᠴᠡᠬᠦ ᠦᠬᠡᠢ ᠬᠦᠭᠰᠢᠨ ᠬᠤᠴᠠ᠂ | ᠪᠤᠰᠤᠳ ᠡᠬᠦᠯᠳᠡᠷ ᠤᠨ ᠬᠤᠴᠠ ᠶᠢ ᠰᠢᠭᠰᠢᠭᠳᠡᠬᠦᠯᠬᠦ ᠪᠠᠷ ᠲᠦᠯᠦᠪᠯᠡᠬᠦ ᠠᠵᠢᠯ ᠢ ᠡᠮᠬᠢ ᠴᠡᠭᠴᠡ ᠲᠠᠢ ᠪᠠᠷ | ᠠᠬᠢᠭᠤᠯᠵᠤ᠂ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠦ᠂ ᠨᠢᠭᠡᠳᠦᠯᠲᠠᠢ ᠲᠦᠯᠦᠪᠯᠡᠭᠡ | ᠳᠤᠭᠳᠠᠭᠠᠬᠤ ᠶᠢᠨ ᠬᠠᠮᠲᠤ ᠳᠤᠰᠬᠠᠢ ᠰᠤᠳᠤᠯᠤᠨ ᠶᠠᠷᠢᠯᠴᠠᠬᠤ ᠪᠠᠷ ᠳᠠᠮᠵᠢᠨ ᠪᠡᠶ᠎ᠡ ᠭᠠᠯᠪᠢᠷ᠂ ᠲᠦᠷᠦᠴᠡᠵᠡᠷᠭᠡ ᠳᠤ | ᠪᠠᠷᠢᠮᠵᠢᠶ᠎ᠡ ᠳᠤᠭᠲᠠᠭᠠᠨ᠂ ᠨᠠᠷᠢᠨ ᠨᠢᠮᠪᠠᠢ ᠪᠠᠶᠢᠷᠢᠯᠠᠭᠤᠯᠤᠯᠲᠠ ᠬᠢᠪᠡ᠃ | ᠬᠤᠶᠠᠷ᠂ ᠬᠢᠨᠠᠨ ᠳᠤᠭᠲᠠᠭᠠᠬᠤ ᠪᠠᠷᠢᠮᠵᠢᠶ᠎ᠡ ᠪᠠᠨ ᠴᠢᠩᠭ᠎ᠠ ᠵᠢᠷᠦᠮᠯᠡᠨ ᠲᠡᠰ ᠬᠤᠪᠢᠶᠠᠵᠤ᠂ ᠬᠠᠷᠢᠶ᠎ᠡ | ᠭᠠᠴᠠᠭᠠᠨ ᠤ ᠪᠠᠨ ᠦᠷ᠎ᠡ ᠶᠢᠨ ᠮᠠᠯ ᠤᠨ ᠲᠦᠪᠯᠡᠷᠡᠭᠰᠡᠨ ᠴᠢᠭ᠂ ᠲᠤᠰᠳᠠᠭᠠᠨ ᠮᠠᠯᠵᠢᠵᠤ ᠪᠠᠶᠢᠭ᠎ᠠ ᠡᠷᠦᠬᠡ ᠳᠤ | ᠬᠦᠨᠵᠡᠭᠡᠶᠢᠷᠡᠨ ᠠᠬᠤᠢ ᠲᠠᠯᠠᠪᠤᠷ ᠲᠤ ᠨᠢᠭᠡᠳ ᠨᠢᠭᠡ ᠪᠠᠷ ᠬᠢᠨᠠᠨ ᠳᠤᠭᠲᠠᠭᠠᠯᠲᠠ ᠬᠢᠵᠦ᠂ ᠳᠠᠩᠰᠠᠯᠠᠨ ᠲᠡᠮᠳᠡᠭᠯᠡᠵᠦ᠂ | ᠨᠠᠷᠢᠯᠢᠭ ᠬᠠᠮᠢᠶᠠᠷᠤᠯᠲᠠ ᠳᠤ ᠤᠷᠤᠭᠤᠯᠤᠨ᠂ ᠪᠠᠷᠢᠮᠵᠢᠶ᠎ᠡ ᠳᠤ ᠨᠡᠶᠢᠴᠡᠬᠦ ᠦᠬᠡᠢ ᠦᠷ᠎ᠡ ᠮᠠᠯ ᠳᠤ ᠴᠢᠬᠢᠨ ᠡᠭᠡᠮᠦᠭ | ᠵᠡᠭᠦᠯᠬᠡᠨ ᠵᠢᠷᠤᠭ ᠰᠡᠭᠦᠳᠡᠷ ᠲᠠᠳᠠᠵᠦ᠂ ᠳᠠᠩᠰᠠᠯᠠᠨ ᠺᠠᠷᠲ ᠬᠢᠵᠦ᠂ ᠬᠢᠨᠠᠨ ᠳᠤᠭᠲᠠᠭᠠᠯᠲᠠ ᠶᠢᠨ ᠲᠤᠭ᠎ᠠ ᠪᠠᠷᠢᠮᠲᠠ ᠶᠢ | ᠴᠠᠭ ᠳᠤᠬᠠᠢ ᠳᠤ ᠨᠢ ᠬᠤᠰᠢᠭᠤ ᠮᠠᠯ ᠠᠵᠤ ᠠᠬᠤᠢ ᠶᠢᠨ ᠲᠤᠪᠴᠢᠶᠠᠨ ᠳᠤ ᠮᠡᠳᠡᠭᠦᠯᠪᠡ᠃ | ᠭᠤᠷᠪᠠ᠂ ᠨᠠᠷᠢᠯᠢᠭ ᠤᠨᠤᠪᠴᠢᠲᠠᠢ ᠪᠠᠷ ᠡᠵᠡᠮᠰᠢᠵᠦ᠂ ᠬᠦᠳᠡᠯᠦᠩᠭᠦᠢ ᠬᠠᠮᠢᠶᠠᠷᠤᠯᠲᠠ ᠪᠠᠷ ᠬᠠᠮᠢᠶᠠᠷᠬᠤ ᠶᠢ | ᠠᠬᠢᠭᠤᠯᠪᠠ᠃ ᠲᠤᠰ ᠵᠢᠯ ᠤᠨ ᠤᠨ ᠤ ᠬᠢᠨᠠᠨ ᠳᠤᠭᠲᠠᠭᠠᠯᠲᠠ ᠪᠠᠷ ᠤᠳᠤᠬᠠᠨ ᠪᠤᠯᠲᠠᠯ᠎ᠠ ᠨᠡᠶᠢᠲᠡ 2747 | ᠲᠤᠯᠤᠭᠠᠢ ᠦᠷ᠎ᠡ ᠶᠢᠨ ᠮᠠᠯ ᠳᠤ ᠬᠢᠨᠠᠨ ᠳᠤᠭᠲᠠᠭᠠᠯᠲᠠ ᠬᠢᠬᠦ ᠶᠢ ᠪᠡᠶᠡᠯᠡᠬᠦᠯᠵᠦ᠂ ᠡᠭᠦᠨ ᠳᠤ ᠬᠢᠷᠢ ᠳᠡᠩᠴᠡᠭᠰᠡᠨ | ᠦᠷ᠎ᠡ ᠶᠢᠨ ᠮᠠᠯ 2317 ᠪᠠᠶᠢᠵᠦ᠂ ᠬᠢᠷᠢ ᠳᠡᠩᠴᠡᠬᠦ ᠦᠬᠡᠢ ᠬᠤᠴᠠ 430 ᠲᠤᠯᠤᠭᠠᠢ ᠶᠢ ᠰᠢᠭᠰᠢᠭᠳᠡᠬᠦᠯᠬᠦ ᠪᠠᠷ | ᠲᠦᠯᠦᠪᠯᠠᠨ᠂ ᠬᠦᠳᠡᠯᠦᠩᠭᠦᠢ ᠬᠠᠮᠢᠶᠠᠷᠤᠯᠲᠠ ᠶᠢᠨ ᠵᠠᠷᠴᠢᠮ ᠶᠤᠰᠤᠭᠠᠷ ᠬᠢᠷᠢ ᠳᠡᠩᠴᠡᠬᠦ ᠦᠬᠡᠢ ᠬᠤᠴᠠ ᠳᠤ ᠬᠢᠨᠠᠯᠲᠠ | ᠬᠠᠮᠢᠶᠠᠷᠤᠯᠲᠠ ᠬᠢᠵᠦ᠂ ᠰᠦᠷᠦᠭ ᠤᠨ ᠶᠠᠰᠤ ᠴᠢᠨᠠᠷ ᠢ ᠪᠠᠳᠤᠯᠠᠪᠠ᠃ | ᠳᠦᠷᠪᠡ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠦ᠂ ᠤᠯᠠᠨ ᠲᠦᠮᠡᠨ ᠤ ᠢᠳᠡᠪᠬᠢᠵᠢᠯ ᠢ | ᠦᠷᠭᠡᠨ ᠢᠶᠠᠷ ᠳᠠᠶᠢᠴᠢᠯᠠᠪᠠ᠃ ᠸᠢᠴᠠᠲ ᠬᠤᠯᠪᠤᠭ᠎ᠠ᠂ ᠤᠯᠠᠨ ᠨᠡᠶᠢᠲᠡ ᠶᠢᠨ ᠤᠬᠠᠭᠤᠯᠭ᠎ᠠ ᠶᠢᠨ ᠲᠠᠪᠴᠠᠩ ᠢᠶᠠᠷ | ᠳᠠᠮᠵᠢᠭᠤᠯᠤᠨ ᠠᠵᠢᠯ ᠤᠨ ᠬᠠᠷᠠᠯᠲᠠ᠂ ᠡᠬᠦᠷᠭᠡ᠂ ᠵᠡᠷᠭᠡ ᠠᠭᠤᠯᠭ᠎ᠠ ᠶᠢ ᠦᠷᠭᠡᠨ ᠢᠶᠠᠷ ᠤᠬᠠᠭᠤᠯᠵᠦ᠂ ᠮᠠᠯᠴᠢᠨ | ᠲᠦᠮᠡᠨ ᠤ ᠦᠷ᠎ᠡ ᠶᠢᠨ ᠮᠠᠯ ᠤᠨ ᠡᠭᠦᠯᠳᠡᠷ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠤᠨ ᠦᠵᠡᠯᠲᠡ | ᠲᠠᠨᠢᠯᠲᠠ ᠶᠢ ᠳᠡᠭᠡᠭᠰᠢᠯᠡᠭᠦᠯᠦᠨ᠂ ᠢᠳᠡᠪᠬᠢᠵᠢᠯ ᠢ ᠳᠠᠶᠢᠴᠢᠯᠠᠨ ᠠᠵᠢᠯ ᠤᠨ ᠦᠷ᠎ᠡ ᠪᠦᠲᠦᠮᠵᠢ ᠪᠠᠨ ᠪᠠᠬᠢᠵᠢᠭᠦᠯᠪᠠ᠃ | ᠲᠤᠰ ᠤᠳᠠᠭᠠᠨ ᠤ ᠬᠢᠨᠠᠨ ᠳᠤᠭᠲᠠᠭᠠᠬᠤ ᠠᠵᠢᠯ ᠢᠶᠠᠷ ᠳᠠᠮᠵᠢᠨ᠂ ᠡᠯ᠎ᠡ ᠭᠠᠴᠠᠭ᠎ᠠ ᠨᠢ ᠬᠡᠪᠴᠢᠶᠡᠵᠢᠭᠰᠡᠨ᠂ | ᠰᠢᠨᠵᠢᠯᠡᠬᠦ ᠤᠬᠠᠭᠠᠨᠴᠢᠯᠠᠭᠰᠠᠨ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠲᠠᠯ᠎ᠠ ᠪᠠᠷ ᠰᠢᠨ᠎ᠡ | ᠲᠠᠨᠢᠯᠲᠠ ᠲᠠᠢ ᠪᠤᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠤᠯᠢᠯᠴᠠᠭ᠎ᠠ ᠪᠠ ᠰᠤᠷᠤᠯᠴᠯᠠᠭ᠎ᠠ ᠶᠢ | ᠠᠬᠢᠭᠤᠯᠵᠦ᠂ ᠦᠵᠦᠮᠦᠴᠢᠨ ᠬᠤᠨᠢᠨ ᠤ ᠡᠭᠦᠯᠳᠡᠷ ᠢ ᠬᠠᠮᠠᠭᠠᠯᠠᠬᠤ᠂ ᠦᠷᠡᠵᠢᠭᠦᠯᠦᠨ ᠪᠤᠶᠢᠵᠢᠭᠤᠯᠬᠤ ᠳᠤ ᠠᠰᠢᠭᠲᠠᠢ | ᠨᠦᠭᠦᠴᠡᠯ ᠢ ᠬᠠᠩᠭᠠᠨ᠂ ᠠᠵᠦ ᠦᠢᠯᠡᠰ ᠤᠨ ᠪᠦᠳᠦᠴᠡ ᠶᠢ ᠳᠡᠰ ᠳᠡᠪᠰᠢᠭᠦᠯᠭᠦ ᠶᠢ ᠠᠬᠢᠭᠤᠯᠵᠦ᠂ ᠠᠯᠳᠠᠨᠬᠢᠯᠢ | ᠰᠤᠮᠤᠨ ᠤ ᠮᠠᠯ ᠠᠵᠤ ᠠᠬᠤᠢ ᠶᠢᠨ ᠡᠷᠡᠭᠦᠯ ᠴᠢᠨᠠᠷᠯᠢᠭ ᠭᠦᠬᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ | ᠪᠠᠶᠢᠨ᠎ᠠ᠃ |