ᠮᠠᠨ ᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 49 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/19
      1 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 49 ᠳ᠋ᠦ᠋ᠭᠡᠷ ( 2024 ᠣᠨ ᠤ ᠨᠢᠭᠡᠳᠦᠭᠡᠷ ᠣᠳᠠᠭ᠎ᠠ ) ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠵᠢᠴᠢ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ  ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ ᠵᠢᠴᠢ ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠰᠦᠨ ᠱᠣᠤ ᠴᠧᠩ ᠱᠦᠵᠢ᠂ ᠸᠠᠩ ᠯᠢ ᠰᠢᠶᠠ ᠨᠥᠬᠦᠷ ᠤᠨ ᠴᠣᠬᠤᠯᠠᠪᠤᠷᠢ ᠶᠢᠨ ᠱᠠᠭᠠᠷᠳᠠᠯᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠥᠬᠦ ᠬᠤᠰᠢᠭᠤᠨ ᠤ ᠬᠤᠶᠠᠷ ᠬᠤᠷᠠᠯ ᠤᠨ ᠪᠡᠯᠡᠳᠬᠡᠯ ᠠᠵᠢᠯ ᠤᠨ ᠬᠠᠷᠢᠭᠤ ᠮᠡᠳᠡᠭᠦᠯᠦᠯᠲᠡ ᠵᠢᠴᠢ ᠬᠤᠰᠢᠭᠤ ᠳᠥᠷᠪᠡᠨ ᠶᠡᠭᠡ ᠤᠳᠤᠷᠢᠳᠬᠤ ᠪᠠᠭ᠂ ᠠᠷᠠᠳ ᠤᠨ ᠰᠢᠭᠦᠬᠦ ᠬᠤᠷᠢᠶ᠎ᠠ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠳᠤᠭᠤᠶᠢᠯᠠᠩ ᠤᠨ 2023 ᠣᠨ ᠤ ᠠᠵᠢᠯ ᠤᠨ ᠪᠠᠶᠢᠳᠠᠯ ᠪᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠤᠶᠠᠳᠤᠭᠠᠷ ᠪᠦᠯᠦᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠲᠤᠰᠬᠠᠶ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠠᠵᠢᠯ ᠤᠨ ᠪᠠᠶᠢᠳᠠᠯ ᠢ ᠰᠤᠨᠤᠰᠴᠠᠢ᠃ ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠬᠢᠨᠠᠨ ᠵᠥᠪᠯᠡᠪᠡ᠃      ᠬᠤᠷᠠᠯ ᠠᠴᠠ ᠵᠢᠭᠠᠬᠤ ᠳᠠᠭᠠᠨ᠂ ᠨᠠᠮ ᠤᠨ ᠲᠥᠪ ᠬᠤᠷᠢᠶᠠᠨ ᠤ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ᠂ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠯᠠᠭᠠᠯᠠᠭ᠎ᠠ ᠬᠠᠩᠭᠠᠯᠭ᠎ᠠ ᠶᠢ ᠪᠠᠲᠤᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠤᠯᠠᠨ ᠲᠦᠮᠡᠨ ᠤ ᠰᠠᠨᠠᠭ᠎ᠠ ᠠᠮᠤᠷ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠶᠠᠷ ᠬᠤᠷᠠᠯ ᠤᠨ ᠪᠡᠯᠡᠳᠬᠡᠯ ᠠᠵᠢᠯ ᠢ ᠨᠢᠭᠲᠠ ᠠᠴᠠ ᠨᠢᠭᠲᠠ ᠰᠠᠶᠢᠲᠤᠷ ᠬᠢᠵᠦ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ᠃ ᠲᠥᠪ ᠤᠨ ᠪᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠤᠨ ᠲᠤᠬᠠᠢ ᠪᠠᠶᠢᠷᠢᠯᠠᠭᠤᠯᠤᠯᠲᠠ ᠶᠣᠰᠣᠭᠠᠷ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠨᠢᠮᠪᠠᠢ       ᠲᠤᠬᠢᠷᠠᠭᠤᠯᠤᠨ᠂ ᠡᠯ᠎ᠡ ᠭᠤᠭᠴᠤᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ᠂ ᠰᠠᠶᠢᠨ ᠦᠷ᠎ᠡ ᠪᠦᠲᠦᠮᠵᠢ ᠲᠠᠢ ᠬᠤᠷᠠᠯᠳᠤᠭᠤᠯᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠬᠤ ᠳᠠᠭᠠᠨ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠡᠯ᠎ᠡ ᠵᠦᠶᠯ ᠤᠨ ᠪᠠᠲᠤᠯᠠᠭ᠎ᠠ  ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠡᠯ᠎ᠡ ᠵᠦᠶᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠠᠶᠤᠯᠭᠦᠶ ᠦᠶᠯᠡᠳᠪᠦᠷᠢᠯᠡᠯ ᠵᠡᠷᠭᠡ ᠬᠤᠷᠢᠭ᠎ᠠ ᠱᠤᠭᠤᠮ᠂ ᠤᠯᠠᠭᠠᠨ ᠱᠤᠭᠤᠮ ᠢ ᠪᠠᠲᠤ ᠰᠠᠬᠢᠵᠤ᠂ ᠠᠷᠠᠳ ᠣᠯᠠᠨ ᠤ ᠪᠠᠶᠠᠷ ᠤᠨ ᠡᠳᠦᠷ ᠢᠶᠠᠨ ᠪᠠᠶᠠᠷ ᠬᠥᠷ ᠲᠠᠢ ᠥᠯᠵᠡᠶ ᠪᠡᠯᠭᠡ ᠲᠠᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号