ᠮᠠᠨ ᠤ ᠬᠤᠰᠢᠭᠤᠨ ᠤ ᠨᠠᠮ ᠤᠨ ᠬᠤᠷᠢᠶᠠᠨ ᠤ ᠣᠨᠣᠯ  ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠰᠤᠷᠤᠯᠴᠠᠯᠭ᠎ᠠ ᠵᠢᠴᠢ 2023 ᠣᠨ ᠤ ᠲᠤᠰᠬᠠᠶ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ  ᠤᠨ ᠡᠮᠦᠨᠡᠬᠢ ᠲᠦᠪᠯᠡᠷᠡᠭᠰᠡᠨ ᠰᠤᠷᠤᠯᠴᠠᠭ᠎ᠠ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/19
      1 ᠰᠠᠷ᠎ᠠ ᠶᠢᠨ 10 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠮᠠᠨ ᠤ ᠬᠤᠰᠢᠭᠤᠨ  ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠰᠤᠷᠤᠯᠴᠠᠯᠭ᠎ᠠ ᠵᠢᠴᠢ 2023 ᠣᠨ ᠤ ᠲᠤᠰᠬᠠᠶ ᠰᠡᠳᠦᠪᠲᠦ ᠠᠷᠠᠳᠴᠢᠯᠠᠯ ᠠᠮᠢᠳᠤᠷᠠᠯ  ᠤᠨ ᠬᠤᠷᠠᠯ ᠤᠨ ᠡᠮᠦᠨᠡᠬᠢ ᠲᠦᠪᠯᠡᠷᠡᠭᠰᠡᠨ ᠰᠤᠷᠤᠯᠴᠠᠯᠭ᠎ᠠ ᠶᠢ ᠡᠷᠭᠢᠯᠡᠨ ᠬᠤᠷᠠᠯᠳᠤᠭᠤᠯᠪᠠ᠃  ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠤᠷᠤᠯᠴᠠᠵᠠᠢ᠃      ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂          《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ 》᠂ 《 ᠰᠢᠶᠠᠨ ᠠᠴᠠ ᠳᠡᠭᠡᠭᠰᠢᠬᠢ ᠨᠠᠮ ᠪᠣᠯᠤᠨ ᠲᠦᠷᠦ ᠶᠢᠨ ᠪᠠᠶᠢᠭᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠠᠷᠠᠳᠴᠢᠯᠠᠯ ᠠᠮᠢᠳᠤᠷᠠᠯ ᠤᠨ ᠬᠤᠷᠠᠯ ᠤᠨ ᠲᠣᠭᠲᠠᠭᠠᠯ ᠤᠳ 》 ᠵᠡᠷᠭᠡ ᠲᠣᠭᠲᠠᠭᠠᠯ ᠤᠨ ᠰᠤᠷᠤᠯᠴᠠᠬᠤ ᠠᠭᠤᠯᠭ᠎ᠠ ᠶᠢ ᠭᠦᠨᠵᠡᠭᠡᠢ ᠰᠤᠷᠤᠯᠴᠠᠵᠦ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠤᠰᠬᠠᠢ ᠰᠡᠳᠦᠪᠲᠦ ᠠᠷᠠᠳᠴᠢᠯᠠᠯ  ᠠᠮᠢᠳᠤᠷᠠᠯ ᠤᠨ ᠬᠤᠷᠠᠯ ᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ ᠬᠢᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ ᠥᠭᠴᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ 《 ᠦᠵᠡᠯ ᠰᠠᠨᠠᠭ᠎ᠠ ᠶᠢ ᠰᠤᠷᠤᠯᠴᠠᠬᠤ 》 ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠨ ᠢᠮᠠᠭᠲᠠ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ᠂ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ 《 ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠬᠦ ᠶᠢ ᠤᠯᠤᠰ ᠲᠥᠷᠥ ᠶᠢᠨ ᠣᠪᠣᠷ ᠲᠤ ᠢᠯᠡᠷᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠯ᠎ᠡ ᠵᠦᠶᠯ ᠤᠨ ᠠᠵᠢᠯ ᠳᠤ ᠨᠠᠶᠢᠳᠠᠪᠤᠷᠢᠵᠢᠭᠤᠯᠬᠤ ᠬᠡᠷᠡᠭᠲᠡᠶ᠃ ᠴᠢᠩᠭ᠎ᠠ ᠪᠣᠳᠠᠲᠠᠢ᠂ ᠨᠠᠷᠢᠨ ᠨᠢᠮᠪᠠᠢ ᠪᠡᠯᠡᠳᠬᠡᠵᠦ᠂ ᠨᠢᠭᠲᠠ ᠴᠢᠩᠭ᠎ᠠ ᠵᠣᠬᠢᠶᠠᠨ ᠪᠠᠶᠢᠭᠤᠯᠵᠤ᠂ ᠬᠤᠷᠠᠯ ᠠᠴᠠ ᠡᠮᠦᠨᠡᠬᠢ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ ᠰᠡᠳᠬᠢᠯ ᠤᠨ ᠦᠭᠡ ᠪᠠᠨ ᠰᠠᠶᠢᠲᠤᠷ ᠶᠠᠷᠢᠯᠴᠠᠵᠤ᠂ ᠠᠰᠠᠭᠤᠳᠠᠯ ᠢ ᠬᠠᠷᠢᠴᠠᠭᠤᠯᠤᠨ ᠡᠮᠬᠢᠯᠡᠵᠦ ᠪᠠᠶᠢᠴᠠᠭᠠᠨ ᠦᠵᠡᠵᠦ᠂ ᠬᠠᠷᠭᠤᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠨᠠᠷᠢᠨ ᠬᠢᠨᠠᠮᠠᠭᠠᠢ ᠪᠢᠴᠢᠵᠦ᠂ ᠨᠠᠮᠴᠢ ᠴᠢᠨᠠᠷ ᠤᠨ ᠵᠠᠳᠠᠯᠤᠯᠲᠠ ᠶᠢ ᠭᠦᠨᠵᠡᠭᠡᠢ ᠬᠢᠵᠦ᠂ ᠠᠰᠠᠭᠤᠳᠠᠯ ᠢ ᠪᠠᠶᠢᠴᠠᠭᠠᠨ ᠳᠡᠯᠭᠡᠬᠦ ᠳᠤᠮᠳᠠ             《 ᠭᠦᠨᠵᠡᠭᠡᠢ 》 ᠪᠠᠶᠢᠬᠤ ᠶᠢ ᠢᠯᠡᠷᠡᠭᠦᠯᠵᠦ᠂ ᠰᠢᠭᠦᠮᠵᠢᠯᠡᠯ ᠥᠷᠨᠢᠭᠦᠯᠬᠦ ᠳᠤᠮᠳᠠ 《 ᠴᠢᠩᠭ᠎ᠠ 》 ᠪᠠᠶᠢᠬᠤ ᠶᠢ ᠢᠯᠡᠷᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤᠮᠳᠠ 《 ᠪᠣᠳᠠᠲᠠᠢ 》 ᠪᠠᠶᠢᠬᠤ ᠶᠢ ᠢᠯᠡᠷᠡᠭᠦᠯᠵᠦ᠂ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠤᠭᠤᠯᠵᠤ᠂ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号