ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠤᠮᠤ ᠪᠠᠯᠭᠠᠰᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠮᠡᠳᠡᠭᠦᠯᠦᠯᠲᠡ ᠬᠢᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/22
      1 ᠰᠠᠷ᠎ᠠ ᠶᠢᠨ 3 ᠤ ᠡᠳᠦᠷ᠂ ᠮᠠᠨ ᠤ ᠬᠤᠰᠢᠭᠤ ᠬᠤᠰᠢᠭᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠤᠮᠤ ᠪᠠᠯᠭᠠᠰᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠮᠡᠳᠡᠭᠦᠯᠦᠯᠲᠡ ᠬᠢᠬᠦ ᠬᠤᠷᠠᠯ ᠬᠤᠷᠠᠯᠳᠣᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠬᠢᠩᠭᠠᠨ ᠬᠤᠷᠠᠯ  ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ  ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ《 ᠰᠢᠨ᠎ᠡ ᠴᠠᠭ ᠦᠶ᠎ᠡ ᠶᠢᠨ ᠨᠠᠮ  ᠠᠴᠠ ᠵᠡᠪᠰᠡᠭᠲᠦ ᠬᠦᠴᠦᠨ ᠤ ᠠᠵᠢᠯ ᠢ ᠬᠠᠮᠢᠶᠠᠷᠬᠤ ᠲᠤᠬᠠᠢ ᠰᠠᠨᠠᠯ 》ᠪᠣᠯᠤᠨ ᠠᠶᠢᠮᠠᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠦᠬᠦ ᠬᠤᠰᠢᠭᠤᠨ  ᠤ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠤᠰᠢᠶᠠᠯ ᠤᠨ ᠮᠡᠳᠡᠭᠦᠯᠦᠯᠲᠡ ᠶᠢ ᠰᠣᠨᠣᠰᠪᠠ  ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠣᠯᠣᠰ ᠲᠦᠷᠦ ᠶᠢᠨ ᠭᠡᠰᠢᠭᠦᠨ ᠴᠧᠨ ᠽᠠᠢ ᠯᠢᠨ ᠡᠯ᠎ᠡ ᠰᠤᠮᠤ ᠪᠠᠯᠭᠠᠰᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠦᠨᠡᠯᠡᠵᠦ᠂ ᠲᠠᠷᠠᠭᠠᠴᠢ ᠶᠢᠨ ᠠᠯᠬᠤᠮ ᠤᠨ ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠢᠩᠭᠠᠨ ᠵᠢᠭᠠᠬᠤ ᠳᠠᠭᠠᠨ᠂ 2023 ᠣᠨ ᠳᠤ ᠪᠥᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ  ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠴᠡᠷᠢᠭ ᠤᠨ ᠬᠤᠪᠢᠶᠠᠷᠢ ᠲᠣᠭᠤᠷᠢᠭ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠶᠯ ᠤᠨ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠡᠢ  ᠃      ᠬᠢᠩᠭᠠᠨ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ  ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠵᠢᠯᠣᠭᠤᠳᠤᠮᠵᠢ ᠪᠠᠨ ᠴᠢᠩᠭᠠᠳᠬᠠᠨ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠥᠷᠥ ᠶᠢᠨ ᠬᠠᠷᠢᠭᠤᠴᠠᠯᠭ᠎ᠠ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠪᠠᠶᠢᠭᠤᠯᠤᠯᠲᠠ ᠶᠢᠨ ᠠᠵᠢᠯ  ᠤᠨ ᠰᠢᠨ᠎ᠡ ᠪᠠᠶᠢᠳᠠᠯ ᠢ ᠡᠷᠡᠰ ᠡᠭᠦᠷᠭᠡᠯᠡᠬᠦ ᠬᠡᠷᠡᠭᠲᠡᠶ᠃ ᠭᠤᠣᠯ ᠬᠠᠷᠢᠭᠤᠴᠠᠯᠭ᠎ᠠ ᠭᠤᠣᠯ ᠠᠵᠢᠯ ᠤᠨ ᠲᠣᠭᠤᠷᠢᠨ ᠳᠤ᠂ ᠴᠡᠷᠢᠭ ᠪᠣᠯᠪᠠᠰᠤᠷᠠᠭᠤᠯᠵᠤ ᠳᠠᠢᠨ ᠳᠤ ᠪᠡᠯᠡᠳᠬᠡᠬᠦ᠂ ᠳᠠᠶᠢᠴᠢᠯᠠᠨ ᠪᠡᠯᠡᠳᠬᠡᠬᠦ᠂ ᠬᠢᠯᠢ ᠶᠢᠨ ᠬᠠᠮᠢᠶᠠᠷᠤᠯᠲᠠ ᠡᠵᠡᠮᠳᠡᠯ ᠵᠢᠴᠢ ᠴᠡᠷᠢᠭ ᠠᠩᠬᠢ ᠣᠷᠣᠨ ᠨᠤᠲᠤᠭ ᠤᠨ ᠠᠭᠤᠰᠤᠯᠴᠠᠨ ᠬᠥᠭᠵᠢᠬᠦ ᠠᠵᠢᠯ ᠢ ᠴᠢᠩᠭ᠎ᠠ ᠪᠣᠳᠠᠲᠠᠢ ᠠᠳᠬᠤᠵᠤ᠂ ᠤᠨᠤᠯ ᠢᠶᠠᠷ ᠵᠡᠪᠰᠡᠭᠯᠡᠬᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠡᠷᠦᠭᠡ ᠶᠢᠨ ᠴᠡᠷᠢᠭ ᠤᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠴᠢ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号