2023 ᠣᠨ ᠤ 12 ᠰᠠᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠨᠡᠶᠢᠲᠡ 23.97 ᠲᠦᠮᠡᠨ | ᠲᠣᠨ ᠳᠤ ᠬᠦᠷᠴᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 40.67% ᠪᠠᠷ ᠨᠡᠮᠡᠭᠳᠡᠪᠡ᠂ | ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 23.89 ᠲᠦᠮᠡᠨ ᠲᠣᠨ᠂ ᠭᠠᠳᠠᠭᠠᠳᠤ ᠳᠤ ᠭᠠᠷᠭᠠᠭᠰᠠᠨ | ᠪᠠᠷᠠᠭ᠎ᠠ 0.08 ᠲᠦᠮᠡᠨ ᠲᠣᠨ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ | ᠦᠷᠳᠡᠭ 0.16 ᠳ᠋ᠦᠩᠰᠢᠭᠤᠷ ᠳ᠋ᠣᠯᠯᠠᠷ ᠲᠤ ᠬᠦᠷᠴᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ | ᠦᠷᠳᠡᠭ 0.15 ᠳ᠋ᠦᠩᠰᠢᠭᠤᠷ ᠳ᠋ᠣᠯᠯᠠᠷ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ 0.01 | ᠳ᠋ᠦᠩᠰᠢᠭᠤᠷ ᠳ᠋ᠣᠯᠯᠠᠷ ᠲᠤ ᠬᠦᠷᠪᠡ᠃ ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ ᠶᠢᠨ ᠬᠥᠮᠥᠨ 6853 | ᠬᠥᠮᠥᠨ ᠤᠳᠠᠭ᠎ᠠ ᠳᠤ ᠬᠦᠷᠴᠦ᠂ ᠡᠭᠦᠨ ᠳᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠲᠡᠷᠭᠡ ᠶᠢᠨ ᠬᠥᠮᠥᠨ | 3454 ᠬᠥᠮᠥᠨ ᠤᠳᠠᠭ᠎ᠠ᠂ ᠬᠢᠯᠢ ᠠᠴᠠ ᠭᠠᠷᠤᠭᠰᠠᠨ ᠪᠠᠷᠠᠭᠠᠨ ᠤ ᠲᠡᠷᠭᠡ ᠶᠢᠨ ᠬᠥᠮᠥᠨ 3399 ᠬᠥᠮᠥᠨ | ᠤᠳᠠᠭ᠎ᠠ ᠳᠤ ᠬᠦᠷᠪᠡ᠃ ᠬᠢᠯᠢ ᠪᠠᠷ ᠣᠷᠣᠵᠤ ᠭᠠᠷᠤᠭᠰᠠᠨ ᠫᠠᠰᠫᠣᠷᠲ ᠲᠠᠢ ᠠᠶᠠᠨᠴᠢᠳ 1253 ᠬᠥᠮᠥᠨ | ᠤᠳᠠᠭ᠎ᠠ ᠳᠤ ᠬᠦᠷᠴᠦ᠂ ᠡᠭᠦᠨ ᠳᠤ ᠬᠢᠯᠢ ᠪᠠᠷ ᠣᠷᠣᠵᠤ ᠢᠷᠡᠭᠰᠡᠨ ᠠᠶᠠᠨᠴᠢᠳ 674 ᠬᠥᠮᠥᠨ ᠤᠳᠠᠭ᠎ᠠ᠂ | ᠬᠢᠯᠢ ᠪᠠᠷ ᠭᠠᠷᠤᠭᠰᠠᠨ ᠠᠶᠠᠨᠴᠢᠳ 579 ᠬᠥᠮᠥᠨ ᠤᠳᠠᠭ᠎ᠠ ᠳᠤ ᠬᠦᠷᠪᠡ᠃ ᠣᠳᠣᠬᠠᠨ ᠳᠤ ᠵᠡᠭᠦᠨ ᠬᠠᠲᠠᠪᠴᠢ | ᠪᠣᠭᠤᠮᠲᠠ ᠶᠢᠨ ᠭᠠᠳᠠᠭᠠᠳᠤ ᠠᠴᠠ ᠣᠷᠤᠭᠤᠯᠤᠭᠰᠠᠨ ᠪᠠᠷᠠᠭ᠎ᠠ ᠨᠢ ᠨᠡᠭᠦᠷᠡᠰᠦ᠂ ᠲᠡᠮᠦᠷ ᠤᠨ ᠨᠠᠷᠢᠯᠢᠭ ᠨᠤᠨᠳᠠᠭ᠂ | ᠬᠠᠶᠢᠯᠤᠭᠤᠷ ᠵᠤᠩᠰᠢ᠂ ᠲᠡᠮᠦᠷ ᠤᠨ ᠬᠦᠳᠡᠷ᠂ ᠴᠠᠶᠢᠷ ᠤᠨ ᠨᠠᠷᠢᠯᠢᠭ ᠬᠦᠳᠡᠷ ᠵᠡᠷᠭᠡ ᠶᠡᠭᠡ ᠬᠡᠮᠵᠢᠶᠡᠨ ᠤ ᠪᠠᠷᠠᠭ᠎ᠠ ᠪᠠᠷ | ᠭᠤᠣᠯ ᠪᠣᠯᠭᠠᠵᠤ᠂ ᠭᠠᠳᠠᠭᠠᠳᠤ ᠳᠤ ᠭᠠᠷᠭᠠᠭᠰᠠᠨ ᠪᠠᠷᠠᠭ᠎ᠠ ᠨᠢ ᠲᠥᠬᠦᠭᠡᠷᠦᠮᠵᠢ᠂ ᠡᠯᠳᠡᠪ ᠪᠠᠷᠠᠭ᠎ᠠ᠂ ᠪᠠᠷᠢᠯᠭ᠎ᠠ ᠶᠢᠨ | ᠮᠠᠲ᠋ᠧᠷᠢᠶᠠᠯ ᠵᠢᠴᠢ ᠪᠤᠴᠠᠭᠠᠨ ᠲᠡᠭᠡᠭᠡᠪᠦᠷᠢᠯᠡᠭᠰᠡᠨ ᠨᠡᠭᠦᠷᠡᠰᠦ ᠪᠠᠷ ᠭᠤᠣᠯ ᠪᠣᠯᠭᠠᠵᠤ ᠪᠤᠢ᠃ | |