ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2023 ᠣᠨ ᠤ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/23
      1 ᠰᠠᠷ᠎ᠠ ᠶᠢᠨ 15 ᠤ ᠡᠳᠦᠷ᠂ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2023 ᠣᠨ ᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠡᠷᠬᠢᠯᠡᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ ᠴᠠᠩ ᠵᠧᠩ᠂ ᠶᠣᠣ ᠬᠠᠶ ᠰᠢᠶᠠ᠂ ᠠᠯᠲᠠᠨᠪᠠᠭᠠᠨ᠎ᠠ᠂ ᠰᠡᠴᠡᠨ᠂ ᠺᠧ ᠰᠢᠶᠤᠤ ᠮᠢᠩ ᠨᠡᠷ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠵᠧᠦ ᠢᠦᠢ ᠯᠦᠩ ᠤᠳᠤᠷᠢᠳᠬᠤ ᠪᠠᠭ ᠢᠶᠠᠨ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠭᠦᠨᠵᠡᠭᠡᠶ ᠪᠠᠶᠢᠴᠠᠭᠠᠨ ᠡᠷᠢᠵᠦ᠂ ᠰᠢᠯᠲᠠᠭᠠᠨ ᠢ ᠨᠢ ᠭᠦᠨᠵᠡᠭᠡᠶ ᠵᠠᠳᠠᠯᠵᠤ᠂ ᠬᠤᠶᠢᠰᠢᠳᠠ ᠶᠢᠨ ᠴᠢᠷᠮᠠᠶᠢᠬᠤ ᠴᠢᠭᠯᠡᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠪᠠᠭ ᠤᠨ ᠪᠦᠷᠢᠯᠳᠦᠬᠦᠨ ᠨᠢᠭᠡᠳ ᠨᠢᠭᠡ ᠪᠠᠷ ᠬᠠᠷᠭᠤᠭᠤᠯᠤᠨ        ᠪᠠᠶᠢᠴᠠᠭᠠᠵᠤ᠂ ᠬᠠᠷᠢᠯᠴᠠᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ  ᠃      ᠵᠧᠦ ᠢᠦᠢ ᠯᠦᠩ ᠴᠢᠬᠤᠯᠠᠴᠢᠯᠠᠬᠤ ᠳᠠᠭᠠᠨ᠂ ᠠᠷᠠᠳᠴᠢᠯᠠᠯ ᠠᠮᠢᠳᠤᠷᠠᠯ ᠤᠨ ᠬᠤᠷᠠᠯ ᠪᠣᠯ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠴᠢᠬᠤᠯᠠ ᠠᠭᠤᠯᠭ᠎ᠠ ᠮᠥᠨ᠂ ᠪᠠᠰᠠ ᠴᠤ ᠭᠤᠤᠯ ᠰᠡᠳᠦᠪᠲᠦ ᠬᠥᠮᠦᠵᠢᠯ ᠤᠨ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠦ᠂ ᠪᠣᠳᠠᠲᠤ ᠪᠦᠲᠦᠮᠵᠢ ᠤᠯᠬᠤ ᠶᠢ ᠦᠨᠡᠨᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠶᠢ ᠬᠠᠮᠤᠭ ᠤᠨ ᠦᠨᠳᠦᠰᠦᠨ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︿︿ᠳᠥᠷᠪᠡᠨ ᠤᠬᠠᠮᠰᠠᠷ﹀﹀  ᠢᠶᠠᠨ ᠴᠢᠩᠭᠠᠳᠬᠠᠵᠤ᠂ ︿︿ᠳᠥᠷᠪᠡᠨ ᠢᠲᠡᠭᠡᠯ﹀﹀ ᠢᠶᠠᠨ ᠪᠠᠲᠤᠳᠬᠠᠵᠤ᠂ ︿︿ᠬᠤᠶᠠᠷ ᠢ ᠬᠠᠮᠠᠭᠠᠯᠠᠬᠤ﹀﹀ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠠᠵᠤ ᠠᠬᠤᠶ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠠᠮᠢ ᠠᠬᠤᠶ ᠣᠷᠴᠢᠨ ᠲᠣᠭᠤᠷᠢᠨ ᠢ       ᠬᠠᠮᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠰᠠᠭᠤᠷᠢ ᠲᠥᠬᠦᠭᠡᠷᠦᠮᠵᠢ ᠶᠢᠨ ᠳᠣᠲᠠᠭᠳᠠᠯ ᠢ ᠨᠥᠬᠦᠪᠥᠷᠢᠯᠡᠬᠦ᠂ ᠨᠡᠶᠢᠭᠡᠮ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠡᠵᠡᠮᠳᠡᠵᠦ᠂ ᠡᠨᠡ ᠵᠢᠯ ᠤᠨ ᠡᠯ᠎ᠡ ᠵᠦᠶᠯ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢᠶᠠᠨ ᠨᠠᠷᠢᠨ ᠨᠢᠮᠪᠠᠶ ᠰᠠᠶᠢᠲᠤᠷ ᠲᠥᠯᠥᠪᠵᠢᠭᠦᠯᠵᠦ᠂ ᠡᠯ᠎ᠡ ᠵᠦᠶᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠲᠡᠶ ᠠᠬᠢᠭᠤᠯᠬᠤ ᠬᠡᠷᠡᠭᠲᠡᠶ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠢᠮᠠᠭᠲᠠ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠰᠠᠶᠢᠲᠤᠷ ᠠᠳᠬᠤᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠳᠤ ᠭᠦᠨᠵᠡᠭᠡᠶᠢᠷᠡᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠲᠦᠷᠦᠭᠦᠯᠡᠨ ᠶᠡᠬᠡᠪᠡᠷ ᠪᠠᠳᠠᠷᠠᠭᠤᠯᠵᠤ᠂ ᠪᠠᠶᠢᠳᠠᠯ ᠢ ᠪᠦᠬᠦ ᠲᠠᠯ᠎ᠠ ᠪᠠᠷ ᠤᠢᠢᠯᠠᠭᠠᠨ᠂ ᠠᠰᠠᠭᠤᠳᠠᠯ ᠢ ᠭᠦᠨᠵᠡᠭᠡᠢ ᠰᠤᠳᠤᠯᠵᠤ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ       ᠪᠠᠷᠢᠮᠲᠠᠯᠠᠵᠤ᠂ ᠴᠢᠩᠭ᠎ᠠ ᠪᠠᠷᠢᠮᠵᠢᠶᠠᠯᠠᠨ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠤᠷᠠᠯ ᠤᠨ ᠳᠠᠷᠠᠭᠠᠬᠢ ᠡᠯ᠎ᠡ ᠵᠦᠶᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠤᠮᠳᠠ ᠬᠤᠰᠢᠭᠤ ᠵᠠᠰᠠᠭ ᠤᠨ ᠣᠷᠳᠣᠨ  ᠤ ᠠᠰᠠᠭᠤᠳᠠᠯ ᠢ ᠰᠢᠶᠳᠪᠦᠷᠢᠯᠡᠬᠦ ᠢᠲᠡᠭᠡᠯ ᠵᠣᠷᠢᠭ ᠢ ᠺᠠᠳ᠋ᠷ ᠣᠯᠠᠨ ᠲᠦᠮᠡᠨ ᠳᠤ ᠦᠨᠡᠨ ᠬᠦ ᠮᠡᠳᠡᠷᠡᠭᠦᠯᠵᠦ᠂ ᠺᠠᠳ᠋ᠷ  ᠤᠨ ᠰᠤᠷᠲᠠᠯ ᠤᠨ ᠪᠠᠶᠢᠭᠤᠯᠤᠯᠲᠠ ᠶᠢᠨ ᠠᠪᠴᠢᠷᠠᠭᠰᠠᠨ ᠰᠢᠨ᠎ᠡ ᠬᠤᠪᠢᠷᠠᠯᠲᠠ᠂ ᠰᠢᠨ᠎ᠡ ᠳᠦᠷᠰᠦ ᠪᠠᠶᠢᠳᠠᠯ ᠢ ᠮᠡᠳᠡᠷᠡᠭᠦᠯᠬᠦ ᠬᠡᠷᠡᠭᠲᠡᠶ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号