2023 ᠣᠨ ᠤ 12 ᠳ᠋ᠤᠭᠠᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ
ᠨᠡᠶᠢᠲᠡᠯᠡᠭᠰᠡᠨ ᠴᠠᠭ᠄
2024/1/23
      2023 ᠣᠨ ᠤ 12 ᠰᠠᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠨᠡᠶᠢᠲᠡ 23.97 ᠲᠦᠮᠡᠨ ᠲᠣᠨ ᠳᠤ ᠬᠦᠷᠴᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 40.67% ᠪᠠᠷ ᠨᠡᠮᠡᠭᠳᠡᠪᠡ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 23.89 ᠲᠦᠮᠡᠨ ᠲᠣᠨ᠂ ᠭᠠᠳᠠᠭᠠᠳᠤ ᠳᠤ ᠭᠠᠷᠭᠠᠭᠰᠠᠨ ᠪᠠᠷᠠᠭ᠎ᠠ 0.08 ᠲᠦᠮᠡᠨ ᠲᠣᠨ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ 0.16 ᠳ᠋ᠦᠩᠰᠢᠭᠤᠷ ᠳ᠋ᠣᠯᠯᠠᠷ ᠲᠤ ᠬᠦᠷᠴᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠦᠷᠳᠡᠭ 0.15 ᠳ᠋ᠦᠩᠰᠢᠭᠤᠷ ᠳ᠋ᠣᠯᠯᠠᠷ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ 0.01 ᠳ᠋ᠦᠩᠰᠢᠭᠤᠷ ᠳ᠋ᠣᠯᠯᠠᠷ ᠲᠤ ᠬᠦᠷᠪᠡ᠃ ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ ᠶᠢᠨ ᠬᠥᠮᠥᠨ 6853 ᠬᠥᠮᠥᠨ ᠤᠳᠠᠭ᠎ᠠ ᠳᠤ ᠬᠦᠷᠴᠦ᠂ ᠡᠭᠦᠨ ᠳᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠲᠡᠷᠭᠡ ᠶᠢᠨ ᠬᠥᠮᠥᠨ 3454 ᠬᠥᠮᠥᠨ ᠤᠳᠠᠭ᠎ᠠ᠂ ᠬᠢᠯᠢ ᠠᠴᠠ ᠭᠠᠷᠤᠭᠰᠠᠨ ᠪᠠᠷᠠᠭᠠᠨ ᠤ ᠲᠡᠷᠭᠡ ᠶᠢᠨ ᠬᠥᠮᠥᠨ 3399 ᠬᠥᠮᠥᠨ ᠤᠳᠠᠭ᠎ᠠ ᠳᠤ ᠬᠦᠷᠪᠡ᠃ ᠬᠢᠯᠢ ᠪᠠᠷ ᠣᠷᠣᠵᠤ ᠭᠠᠷᠤᠭᠰᠠᠨ ᠫᠠᠰᠫᠣᠷᠲ ᠲᠠᠢ ᠠᠶᠠᠨᠴᠢᠳ 1253 ᠬᠥᠮᠥᠨ ᠤᠳᠠᠭ᠎ᠠ ᠳᠤ ᠬᠦᠷᠴᠦ᠂ ᠡᠭᠦᠨ ᠳᠤ ᠬᠢᠯᠢ ᠪᠠᠷ ᠣᠷᠣᠵᠤ ᠢᠷᠡᠭᠰᠡᠨ ᠠᠶᠠᠨᠴᠢᠳ 674 ᠬᠥᠮᠥᠨ ᠤᠳᠠᠭ᠎ᠠ᠂ ᠬᠢᠯᠢ ᠪᠠᠷ ᠭᠠᠷᠤᠭᠰᠠᠨ ᠠᠶᠠᠨᠴᠢᠳ 579 ᠬᠥᠮᠥᠨ ᠤᠳᠠᠭ᠎ᠠ ᠳᠤ ᠬᠦᠷᠪᠡ᠃ ᠣᠳᠣᠬᠠᠨ ᠳᠤ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠤᠭᠤᠯᠤᠭᠰᠠᠨ ᠪᠠᠷᠠᠭ᠎ᠠ ᠨᠢ ᠨᠡᠭᠦᠷᠡᠰᠦ᠂ ᠲᠡᠮᠦᠷ ᠤᠨ ᠨᠠᠷᠢᠯᠢᠭ ᠨᠤᠨᠳᠠᠭ᠂ ᠬᠠᠶᠢᠯᠤᠭᠤᠷ ᠵᠤᠩᠰᠢ᠂ ᠲᠡᠮᠦᠷ ᠤᠨ ᠬᠦᠳᠡᠷ᠂ ᠴᠠᠶᠢᠷ ᠤᠨ ᠨᠠᠷᠢᠯᠢᠭ ᠬᠦᠳᠡᠷ ᠵᠡᠷᠭᠡ ᠶᠡᠭᠡ ᠬᠡᠮᠵᠢᠶᠡᠨ ᠤ ᠪᠠᠷᠠᠭ᠎ᠠ ᠪᠠᠷ ᠭᠤᠣᠯ ᠪᠣᠯᠭᠠᠵᠤ᠂ ᠭᠠᠳᠠᠭᠠᠳᠤ ᠳᠤ ᠭᠠᠷᠭᠠᠭᠰᠠᠨ ᠪᠠᠷᠠᠭ᠎ᠠ ᠨᠢ ᠲᠥᠬᠦᠭᠡᠷᠦᠮᠵᠢ᠂ ᠡᠯᠳᠡᠪ ᠪᠠᠷᠠᠭ᠎ᠠ᠂ ᠪᠠᠷᠢᠯᠭ᠎ᠠ ᠶᠢᠨ ᠮᠠᠲ᠋ᠧᠷᠢᠶᠠᠯ ᠵᠢᠴᠢ ᠪᠤᠴᠠᠭᠠᠨ ᠲᠡᠭᠡᠭᠡᠪᠦᠷᠢᠯᠡᠭᠰᠡᠨ ᠨᠡᠭᠦᠷᠡᠰᠦ ᠪᠠᠷ ᠭᠤᠣᠯ ᠪᠣᠯᠭᠠᠵᠤ ᠪᠤᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号