ᠰᠠᠮᠠᠢ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢ ︽ᠨᠠᠮ  ᠳᠠᠭᠠᠨ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/23
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠳᠤᠮᠳᠠᠬᠢ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠥᠯᠥᠭᠡ᠂ 2023 ᠣᠨ  ᠤ 12 ᠰᠠᠷ᠎ᠠ ᠶᠢᠨ 29 ᠤ ᠡᠳᠦᠷ ᠠᠴᠠ 2024 ᠣᠨ ᠤ 1ᠰᠠᠷ᠎ᠠ ᠶᠢᠨ 4 ᠤ ᠡᠳᠦᠷ ᠪᠣᠯᠲᠠᠯ᠎ᠠ᠂ ᠰᠠᠮᠠᠢ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ︽ᠠᠷᠠᠳ ᠤᠨ ᠲᠥᠯᠥᠭᠡᠯᠡᠭᠴᠢᠳ ᠤᠨ            ᠦᠷᠦᠭᠡ︾᠂ ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠥᠷᠲᠡᠭᠡ︾ ᠳᠤ ᠲᠦᠰᠢᠭᠯᠡᠨ᠂ ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ ᠠᠷᠭ᠎ᠠ ᠬᠡᠯᠪᠡᠷᠢ ᠪᠠᠷ ︽ᠨᠠᠮ ᠳᠠᠭᠠᠨ ᠲᠠᠯᠠᠷᠬᠠᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠦᠬᠡᠭᠡᠷᠡᠯ ᠨᠥᠬᠦᠷ ᠠᠴᠠ ︽ᠨᠠᠮ ᠤᠨ ᠳᠠᠭᠠᠨ ᠲᠠᠯᠠᠷᠬᠠᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ︾ ᠭᠤᠤᠯ ᠰᠡᠳᠦᠪ ᠢᠶᠠᠷ᠂  ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠣᠳᠣᠷᠬᠠᠶ ᠲᠠᠨᠢᠬᠤ︾ ᠶᠢᠨ ᠲᠤᠭᠤᠷᠢᠨ ᠳᠤ᠂ ︽ᠥᠪᠥᠷ ᠮᠣᠩᠭᠤᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠶᠤᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠬᠦᠨᠳᠦ ᠶᠡᠭᠡ ᠠᠯᠳᠠᠭ᠎ᠠ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠨᠢ ᠨᠠᠮ ᠤᠨ ᠦᠭᠡ ᠶᠢ ᠰᠣᠨᠣᠰᠤᠭᠰᠠᠨ ᠲᠠᠯ᠎ᠠ ᠳᠤ ᠪᠠᠶᠢᠭ᠎ᠠ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯ ᠶᠡᠷᠦᠩᠬᠡᠶ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠣᠯᠭ᠎ᠠ ᠳᠣᠤᠷ᠎ᠠ ᠣᠯᠤᠭᠰᠠᠨ ᠶᠤᠮ︾ ᠭᠡᠬᠦ ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠦᠨᠳᠦᠰᠦᠨ ᠱᠠᠲᠤᠨ ᠤ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠠᠮᠢᠳᠤ ᠵᠢᠱᠢᠶ᠎ᠡ ᠪᠠᠷ ᠳᠠᠮᠵᠢᠨ᠂ ᠳᠦᠭᠦᠮ ᠣᠶᠢᠯᠠᠭᠠᠮᠵᠢᠲᠠᠶ ᠦᠭᠡ ᠦᠭᠦᠯᠡᠪᠤᠷᠢ ᠪᠠᠷ ᠨᠠᠮ ᠤᠨ ᠭᠡᠰᠢᠭᠦᠨ ᠺᠠᠳ᠋ᠷ᠂ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢ ᠵᠢᠴᠢ ᠮᠠᠯᠴᠢᠨ ᠲᠦᠮᠡᠨ ᠳᠤ ᠤᠬᠠᠭᠤᠯᠤᠨ ᠲᠠᠶᠢᠯᠪᠤᠷᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ ᠵᠤᠵᠠᠭᠠᠨ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠬᠦᠨᠳᠦ ᠨᠠᠶᠢᠳᠠᠯᠭ᠎ᠠ ᠶᠢ ᠭᠦᠨᠵᠡᠭᠡᠶ ᠤᠶᠢᠯᠠᠭᠠᠭᠤᠯᠤᠨ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠦᠨᠡᠨᠬᠦ ᠬᠥᠲᠥᠯᠥᠨ ᠵᠢᠯᠤᠭᠤᠳᠴᠤ ᠪᠠᠶᠢᠭᠠᠳ ᠠᠷᠠᠳ ᠤᠨ ᠲᠥᠯᠥᠭᠡᠯᠡᠭᠴᠢᠳ ᠤᠨ ᠴᠤᠭ ᠵᠢᠪᠬᠤᠭ᠎ᠠ ᠪᠠᠨ ᠪᠠᠳᠠᠷᠠᠭᠤᠯᠤᠨ᠂ ᠬᠦᠴᠦᠨ ᠢᠶᠠᠨ ᠨᠢᠭᠲᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ  ᠢᠶᠠᠨ ᠲᠠᠭᠠᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠤᠷᠢᠭ ᠢ ᠨᠢ ᠬᠦᠪᠴᠢᠯᠡᠪᠡ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠢᠶᠠᠷ ᠢᠶᠠᠨ ᠭᠦᠨ ᠬᠥᠮᠦᠵᠢᠯ ᠪᠠ ᠵᠣᠷᠢᠭᠵᠢᠭᠤᠯᠤᠯ ᠬᠦᠷᠲᠡᠨ᠂ ᠨᠠᠮ ᠳᠠᠭᠠᠨ ᠲᠠᠯᠠᠷᠬᠠᠨ᠂ ᠨᠠᠮ ᠤᠨ ᠦᠭᠡ ᠶᠢ ᠰᠤᠨᠤᠰᠴᠣ᠂ ᠨᠠᠮ ᠢᠶᠠᠨ ᠳᠠᠭᠠᠬᠤ ᠢᠲᠡᠭᠡᠯ ᠵᠣᠷᠢᠭ ᠢᠶᠠᠨ ᠨᠠᠩ ᠪᠠᠲᠤᠳᠬᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠰᠤᠷᠤᠯᠴᠠᠪᠠᠯ ᠢᠲᠡᠭᠡᠵᠦ᠂ ᠰᠤᠷᠤᠯᠴᠠᠪᠠᠯ ᠣᠶᠢᠯᠠᠭᠠᠵᠤ᠂ ᠰᠤᠷᠤᠯᠴᠠᠪᠠᠯ ᠬᠡᠷᠡᠭᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠬᠠᠷᠢᠶᠠᠲᠤ ᠣᠷᠣᠨ ᠤ ᠣᠯᠠᠨ ᠲᠦᠮᠡᠨ ᠤ ᠪᠠᠴᠢᠮ ᠬᠦᠴᠢᠷᠳᠡᠯ ᠵᠣᠪᠠᠨᠢᠯ ᠬᠦᠰᠡᠯ ᠡᠷᠡᠮᠡᠯᠵᠡᠯ ᠢ ᠦᠨᠡᠨ ᠬᠦ ᠰᠢᠶᠳᠪᠦᠷᠢᠯᠡᠬᠦ ᠠᠰᠠᠭᠤᠳᠠᠯ ᠳᠡᠭᠡᠷ᠎ᠡ ᠦᠢᠯᠡᠳᠦᠯᠵᠢᠭᠦᠯᠵᠦ᠂ ᠮᠠᠯᠴᠢᠨ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ ᠭᠡᠵᠦ ᠰᠠᠨᠠᠯ ᠨᠢᠭᠡᠲᠡᠶ ᠢᠯᠡᠳᠬᠡᠵᠡᠭᠡᠪᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号